| ᠤᠨᠤᠯ ᠢ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡᠨ ᠤ ᠠᠩᠬᠢ ᠨᠠᠮ ᠤᠨ ᠳᠠᠭᠤᠨ ᠢ ᠳᠠᠮᠵᠢᠭᠤᠯᠵᠤ᠂ | ᠬᠤᠪᠢᠰᠬᠠᠯᠳᠦ ᠤᠳᠬ᠎ᠠ ᠤᠷᠠᠯᠢᠭ ᠤᠨ ᠦᠢᠯᠡᠴᠢᠯᠡᠭᠡᠨ ᠤ ᠠᠩᠬᠢ ᠦᠨᠳᠦᠰᠦᠲᠡᠨ ᠨᠦᠭᠦᠳ ᠤᠨ ᠺᠠᠳ᠋ᠷ ᠤᠯᠠᠨ | ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢᠨ | ᠦᠢᠯᠡᠴᠢᠯᠡᠭᠡᠨ ᠤ ᠠᠩᠬᠢ ᠤᠯᠠᠨ ᠲᠦᠮᠡᠨ ᠤ ᠬᠦᠰᠡᠯ ᠡᠷᠡᠮᠡᠯᠵᠡᠯ ᠢ ᠪᠡᠶᠡᠯᠡᠭᠦᠯᠵᠦ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠠᠩᠬᠢ ᠠᠯᠪᠠᠨ ᠵᠢᠷᠤᠮ ᠤᠨ ᠡᠮᠴᠢᠯᠡᠭᠡ ᠬᠦᠷᠭᠡᠵᠦ᠂ ᠤᠷ᠎ᠠ ᠮᠡᠷᠭᠡᠵᠢᠯ ᠤᠨ | ᠪᠣᠯᠪᠠᠰᠤᠷᠠᠯ ᠤᠨ ᠦᠢᠯᠡᠴᠢᠯᠡᠭᠡᠨ ᠤ ᠠᠩᠬᠢ ᠤᠯᠠᠨ ᠲᠦᠮᠡᠨ ᠤ ᠠᠵᠢᠯ ᠤᠯᠭᠤᠵᠦ ᠦᠢᠯᠡᠰ ᠪᠤᠰᠬᠠᠬᠤ ᠳᠤ ᠳᠤᠰᠠ | ᠳᠡᠮᠵᠢᠯᠭᠡ ᠦᠵᠡᠬᠦᠯᠤᠨ᠎ᠠ᠃ | 2024 ᠣᠨ ᠤ 5 ᠰᠠᠷ᠎ᠠ ᠳᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ | ᠤᠯᠤᠰ ᠲᠦᠷᠦ ᠶᠢᠨ ᠵᠥᠪᠯᠡᠯᠭᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠦ ᠴᠤᠬᠴᠠᠯᠠᠬᠤ ᠶᠢ ᠠᠬᠢᠭᠤᠯᠬᠤ ᠨᠡᠶᠢᠭᠡᠮᠯᠢᠭ ᠳᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠰᠣᠨᠢᠨ ᠮᠡᠳᠡᠭᠡ ᠬᠡᠪᠯᠡᠯ᠂ ᠠᠵᠤ ᠠᠬᠤᠢ᠂ ᠡᠷᠡᠭᠦᠯ ᠬᠠᠮᠠᠭᠠᠯᠠᠯ ᠨᠡᠶᠢᠭᠡᠮ ᠤᠨ | ᠠᠰᠠᠷᠠᠮᠵᠢ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠠ ᠴᠠᠷᠠᠭ᠎ᠠ ᠳᠠᠬᠢ ᠭᠡᠰᠢᠭᠦᠨ ᠢᠶᠠᠷ ᠭᠤᠣᠯ ᠴᠣᠭᠴᠠ | ᠪᠣᠯᠭᠠᠭᠰᠠᠨ ︽ᠲᠠᠪᠤᠨ ᠦᠢᠯᠡᠴᠢᠯᠡᠭᠡᠨ ᠤ ᠠᠩᠭᠢ︾ ᠶᠢ ᠪᠠᠶᠢᠭᠤᠯᠪᠠ᠃ ᠲᠡᠳᠡᠨᠠᠷ ᠠᠨᠠᠷ ᠤᠨ ᠦᠷ᠎ᠡ ᠰᠢᠭ ᠨᠢᠭᠲᠠᠷᠠᠨ | ᠪᠦᠯᠬᠦᠮᠳᠡᠵᠦ᠂ ᠵᠡᠭᠡᠯᠢ ᠭᠤᠳᠤᠮᠵᠢ ᠦᠨᠳᠦᠰᠦᠨ ᠱᠠᠲᠤ ᠪᠠᠷ ᠭᠦᠨᠵᠡᠭᠡᠶᠢᠷᠡᠵᠦ᠂ ᠦᠨᠳᠦᠰᠦᠲᠡᠨ ᠨᠦᠭᠦᠳ ᠤᠨ ᠤᠯᠠᠨ | ᠲᠦᠮᠡᠨ ᠳᠤ ᠨᠠᠷᠢᠯᠢᠭ ᠣᠨᠣᠴᠠᠲᠠᠢ᠂ ᠪᠦᠬᠦᠨ ᠢ ᠬᠠᠮᠤᠷᠬᠤ ᠰᠢᠯᠢᠳᠡᠭ ᠦᠢᠯᠡᠴᠢᠯᠡᠭᠡ ᠬᠠᠩᠭᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠬᠠᠮᠲᠤᠪᠡᠷ ᠰᠠᠭᠤᠬᠤ᠂ ᠬᠠᠮᠲᠤᠪᠡᠷ ᠰᠤᠷᠤᠯᠴᠠᠬᠤ᠂ ᠬᠠᠮᠲᠤᠪᠡᠷ | ᠠᠵᠢᠯᠯᠠᠬᠤ᠂ ᠬᠠᠮᠲᠤᠪᠡᠷ ᠴᠡᠩᠭᠡᠬᠦ ᠶᠢ ᠠᠬᠢᠭᠤᠯᠵᠠᠶ᠃ | ︽ᠤᠨᠤᠯ ᠤᠨ ᠤᠬᠠᠭᠤᠯᠤᠨ ᠲᠠᠶᠢᠯᠪᠤᠷᠢᠯᠠᠯᠳᠠ︾ ᠨᠢ ᠦᠨᠳᠦᠰᠦᠲᠡᠨ ᠤ ᠪᠦᠯᠬᠦᠮᠳᠡᠯ ᠤᠨ ᠰᠠᠭᠤᠷᠢ ᠶᠢ | ᠪᠠᠲᠤᠳᠬᠠᠪᠠ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠬᠴᠠᠯᠠᠬᠤ ᠨᠢ ᠳᠠᠷᠤᠢ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠵᠢᠯᠣᠭᠤᠳᠴᠤ ᠵᠢᠷᠭᠠᠯ | ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ | ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠶᠢᠨ ᠲᠥᠯᠥᠭᠡ ᠶᠤᠮ ᠁︾ ᠭᠡᠵᠦ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ | ᠳᠡᠳ᠋ ᠳᠠᠷᠤᠭ᠎ᠠ᠂ ᠱᠠᠰᠢᠨ ᠰᠤᠷᠲᠠᠬᠤᠨ ᠤ ᠲᠤᠪᠴᠢᠶ᠎ᠠ ᠶᠢᠨ ᠳᠠᠷᠤᠭ᠎ᠠ ᠯᠢᠦ ᠵᠦᠩ ᠬᠤᠸᠠ ᠤᠨᠤᠯ ᠤᠨ ᠤᠬᠠᠭᠤᠯᠤᠨ | ᠲᠠᠶᠢᠯᠪᠤᠷᠢᠯᠠᠯᠲᠠ ᠬᠢᠵᠦ ᠪᠠᠶᠢᠯ᠎ᠠ᠃ ᠳᠡᠷᠡ ︽ᠬᠦᠰᠡᠯ ᠨᠠᠶᠢᠳᠠᠯᠭ᠎ᠠ ᠪᠠᠨ ᠪᠠᠲᠤ ᠴᠡᠭᠡᠵᠢᠯᠡᠵᠦ᠂ ᠠᠴᠢ ᠭᠠᠪᠢᠶ᠎ᠠ ᠶᠢ | ᠮᠡᠳᠡᠷᠡᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠤᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠠᠬᠢᠭᠤᠯᠬᠤ︾ ᠪᠠᠷ ᠰᠡᠳᠦᠪᠯᠡᠵᠦ᠂ ᠨᠠᠮ ᠤᠨ ᠦᠨᠳᠦᠰᠦᠳᠡᠨ ᠨᠦᠭᠦᠳ ᠤᠨ ᠤᠯᠠᠨ ᠲᠦᠮᠡᠨ ᠢ ᠳᠠᠶᠢᠴᠢᠯᠡᠨ | ᠳᠠᠭᠠᠭᠤᠯᠤᠨ᠂ ᠦᠨᠤᠳᠤᠷ ᠤᠨ ᠰᠠᠶᠢᠨ ᠰᠠᠶᠢᠬᠠᠨ ᠠᠮᠢᠳᠤᠷᠠᠯ ᠢ ᠴᠤᠬᠴᠠᠯᠠᠨ ᠪᠠᠶᠢᠭᠤᠯᠤᠬᠰᠠᠨ ᠳᠤᠬᠠᠢ ᠳᠡᠯᠭᠡᠷᠡᠬᠦᠯᠤᠨ | ᠶᠠᠷᠢᠨ᠎ᠠ᠃ | ᠤᠨᠤᠯ ᠢ ᠤᠬᠠᠭᠤᠯᠤᠨ ᠲᠠᠶᠢᠯᠪᠤᠷᠢᠯᠠᠬᠤ ᠠᠩᠬᠠᠨ ᠤ ᠬᠢᠴᠢᠶᠡᠯ ᠡᠬᠢᠯᠡᠬᠦ ᠶᠢ ᠳᠠᠭᠠᠯᠳᠤᠨ᠂ ᠳᠤᠰ | ᠠᠵᠢᠯᠯᠠᠭ᠎ᠠ ᠨᠢ ᠡᠯ᠎ᠠ ᠪᠠᠶᠢᠭᠤᠯᠭ᠎ᠠ ᠨᠢᠭᠡᠴᠢ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠪᠦᠬᠦ ᠲᠠᠯ᠎ᠠ ᠪᠠᠷ | ᠥᠷᠨᠢᠪᠡ᠃ ᠣᠶᠢᠷ᠎ᠠ ᠳᠤ᠂ ᠣᠨᠣᠯ ᠤᠨ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡᠨ ᠤ ᠠᠩᠭᠢ ᠶᠢᠨ ︽ | ᠦᠨᠳᠦᠰᠦᠨ ᠱᠠᠲᠤ ᠶᠢ ᠴᠢᠩᠭᠠᠳᠬᠠᠨ᠂ ᠰᠠᠭᠤᠷᠢ ᠶᠢ ᠪᠠᠳᠤᠳᠬᠠᠵᠦ᠂ ᠬᠥᠳᠡᠭᠡ ᠲᠣᠰᠬᠤᠨ ᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠨᠡᠨᠬᠦ ᠴᠢᠩᠭᠠᠳᠬᠠᠶ᠎ᠠ︾ ᠭᠡᠬᠦ ᠰᠡᠳᠦᠪ ᠲᠠᠢ | ᠳᠠᠶᠢᠯᠤᠮᠵᠢ ᠨᠢ ᠶᠡᠭᠡ ᠦᠪᠤᠡᠭ ᠲᠣᠰᠬᠤᠨ ᠳᠤ ᠨᠢᠭᠡᠨ ᠤᠳᠠᠭ᠎ᠠ ᠶᠢᠨ ᠠᠮᠢᠳᠤᠯᠢᠭ ᠨᠠᠮ ᠤᠨ ᠬᠢᠴᠢᠶᠡᠯ ᠪᠤᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠨᠵᠡᠭᠡᠶ | ᠲᠠᠨᠢᠭᠤᠯᠤᠭᠰᠠᠨ ᠪᠠᠶᠢᠨ᠎ᠠ᠃ ︽ᠡᠨᠡᠬᠦ ᠤᠬᠠᠭᠤᠯᠤᠨ ᠲᠠᠶᠢᠯᠪᠤᠷᠢᠯᠠᠯᠲᠠ ᠨᠢ ᠠᠷᠠᠳ ᠤᠯᠠᠨ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠦᠨ ᠠᠭᠤᠯᠤᠭᠳᠠᠬᠤᠨ ᠪᠠ ᠴᠢᠬᠤᠯᠠ | ᠶᠡᠭᠡ ᠠᠴᠢ ᠬᠤᠯᠪᠣᠭᠳᠠᠯ᠂ ᠠᠮᠢᠳᠤᠯᠢᠭ ᠵᠢᠱᠢᠶ᠎ᠡ᠂ ᠣᠶᠢᠯᠠᠭᠠᠮᠵᠢᠲᠠᠢ ᠦᠭᠡ ᠶᠠᠷᠢᠶ᠎ᠠ ᠶᠢ ᠭᠦᠨᠵᠡᠭᠡᠢ ᠣᠶᠢᠯᠠᠭᠠᠭᠤᠯᠵᠤ᠂ | ᠨᠠᠮ ᠪᠣᠯᠤᠨ ᠠᠷᠠᠳ ᠤᠯᠠᠨ ᠤ ᠰᠡᠳᠭᠢᠯ ᠢ ᠨᠢᠭᠲᠠ ᠬᠤᠯᠪᠣᠭᠰᠠᠨ ᠪᠠᠶᠢᠨ᠎ᠠ︾ ᠭᠡᠵᠦ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠠᠯᠳᠠᠷ ᠰᠤᠮᠤᠨ ᠤ ᠶᠡᠭᠡ ᠦᠪᠤᠡᠭ ᠲᠣᠰᠬᠤᠨ ᠤ ᠨᠠᠮ ᠤᠨ ᠡᠭᠦᠷ ᠤᠨ ᠱᠦᠵᠢ ᠵᠶᠢ ᠯᠢᠶᠠᠨ | ᠸᠧᠢ ᠰᠤᠷᠤᠯᠴᠠᠯᠭ᠎ᠠ ᠶᠢᠨ ᠳᠠᠷᠠᠭᠠᠬᠢ ᠲᠦᠷᠦᠭᠳᠡᠯ ᠢᠶᠠᠨ ᠶᠠᠷᠢᠵᠦ ᠪᠠᠶᠢᠯ᠎ᠠ᠃ | ᠤᠨᠤᠯ ᠢ ᠤᠬᠠᠭᠤᠯᠤᠨ ᠳᠠᠶᠢᠯᠪᠤᠷᠢᠯᠠᠬᠤ ᠦᠢᠯᠡᠴᠢᠯᠡᠭᠡᠨ ᠤ ᠠᠩᠬᠢ ᠶᠢᠨ ᠭᠡᠰᠢᠬᠦᠳ ᠦᠷᠬᠦᠯᠵᠢ ᠨᠡᠶᠢᠭᠡᠮ | ᠲᠣᠭᠤᠷᠢᠭ ᠤᠨ ᠠᠭᠤᠳᠠᠮ ᠲᠠᠯᠠᠪᠠᠶ ᠳᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠳᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠢ ᠶᠢᠨ ᠲᠠᠯᠠᠪᠠᠢ ᠳᠤ | ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠮᠡᠳᠡᠯᠭᠡ ᠶᠢ | ᠲᠠᠶᠢᠯᠪᠤᠷᠢᠯᠠᠨ ᠥᠭᠴᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ᠂ ᠦᠨᠳᠦᠰᠦᠲᠡᠨ ᠤ ᠤᠨᠤᠯ ᠦᠨᠳᠦᠰᠦᠲᠡᠨ ᠤ ᠲᠦᠷᠦ ᠶᠢᠨ ᠪᠤᠳᠤᠯᠭ᠎ᠠ | ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠪᠠᠲᠤ ᠪᠠᠬᠢ ᠪᠤᠢ ᠪᠣᠯᠭᠠᠬᠤ ᠤᠬᠠᠮᠰᠠᠷ ᠢ ᠲᠡᠬᠡᠭᠰᠢᠯᠡᠬᠦᠯᠦᠭᠰᠡᠨ | ᠪᠠᠶᠢᠨ᠎ᠠ᠃ | ︽ᠡᠮ ᠡᠮᠨᠡᠯᠭᠡ ᠡᠷᠡᠭᠦᠯ ᠬᠠᠮᠠᠭᠠᠯᠠᠯ︾ ᠨᠢ ᠦᠨᠳᠦᠰᠦᠲᠡᠨ ᠤ ᠪᠦᠯᠬᠦᠮᠳᠡᠯ ᠤᠨ ᠬᠥᠭᠦᠷᠭᠡ ᠶᠢ ᠬᠠᠮᠲᠤ ᠪᠠᠷ | ᠴᠣᠭᠴᠠᠯᠠᠪᠠ᠃ ︽ᠳᠠᠨ ᠤ ᠡᠨᠡ ᠴᠢᠨᠢ ᠦᠶ᠎ᠡ ᠭᠡᠰᠢᠭᠦᠦ ᠶᠢᠨ ᠭᠡᠮᠲᠦᠯ ᠪᠤᠯᠤᠨ᠎ᠠ᠂ ᠡᠩ ᠤᠨ ᠦᠶ᠎ᠠ ᠳᠤ ᠪᠣᠯᠪᠠᠰᠤᠷᠠᠯ | ᠬᠢᠬᠦ ᠳᠡᠭᠡᠨ ᠠᠩᠬᠠᠷᠬᠤ ᠬᠡᠷᠡᠭᠲᠡᠢ ᠁︾ ᠭᠡᠵᠦ ᠡᠮᠴᠢ ᠨᠢᠭᠡ ᠲᠠᠯ᠎ᠠ ᠪᠠᠷ ᠳᠠᠷᠤᠭ᠎ᠠ ᠪᠠᠶᠢᠯᠳᠤᠭᠴᠢᠳ ᠢ | ᠤᠨᠤᠰᠢᠯᠠᠨ ᠡᠮᠨᠡᠬᠦ ᠶᠢᠨ ᠳᠠᠭᠠᠤ ᠨᠢᠬᠡ ᠲᠠᠯ᠎ᠠ ᠪᠠᠷ ᠠᠩᠬᠠᠷᠬᠤ ᠵᠦᠢᠯᠡᠰ ᠢ ᠲᠠᠶᠢᠯᠪᠤᠷᠢᠯᠠᠵᠤ ᠦᠭᠴᠦ ᠪᠠᠶᠢᠯ᠎ᠠ᠃ | ᠲᠦᠷᠦᠭᠦᠬᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠠᠬᠢᠭᠤᠯᠬᠤ | ᠨᠡᠶᠢᠭᠡᠮᠯᠢᠭ ᠠᠴᠠ ᠪᠡᠭᠡᠵᠢᠩ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶᠠᠨ ᠤ | ᠡᠮᠴᠢᠯᠡᠭᠡᠨ ᠤ ᠪᠦᠯᠬᠦᠮ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠸᠠᠩ ᠪᠤᠤ ᠬᠦᠢ ᠬᠢᠲᠠᠳ | ᠡᠮᠨᠡᠯᠭᠡ ᠶᠢᠨ ᠡᠮᠴᠢᠯᠡᠭᠡᠨ ᠤ ᠪᠦᠯᠬᠦᠮ ᠢ ᠵᠤᠬᠢᠶᠠᠨ ᠪᠠᠶᠢᠭᠤᠯᠤᠨ ᠮᠠᠨᠵᠦᠲ᠋ᠦ᠋ᠨ ᠤ ᠮᠠᠨᠵᠤ ᠦᠨᠳᠦᠰᠦᠲᠡᠨ ᠤ | ᠰᠢᠶᠠᠩ ᠳᠤ ᠰᠠᠭᠤᠭ᠎ᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠪᠠᠷ ᠬᠦᠷᠴᠦ ᠠᠯᠪᠠᠨ ᠵᠢᠷᠤᠮ ᠤᠨ | ᠡᠮᠴᠢᠯᠡᠭᠡᠨ ᠤ ᠠᠵᠢᠯᠯᠠᠭ᠎ᠠ ᠦᠷᠨᠢᠬᠦᠯᠵᠦ᠂ ᠡᠷᠡᠬᠦᠯ ᠡᠩᠭᠡ ᠬᠦᠷᠭᠡᠪᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠩᠭᠢ ᠶᠢᠨ ᠭᠡᠰᠢᠭᠦᠳ ᠨᠡᠶᠢᠭᠡᠮ ᠲᠣᠭᠤᠷᠢᠭ᠂ | ᠴᠡᠷᠢᠭ ᠤᠨ ᠬᠤᠸᠠᠷᠠᠨ ᠢᠶᠠᠷ ᠭᠦᠨᠵᠡᠭᠡᠶᠢᠷᠡᠨ᠂ ᠠᠨᠠᠭᠠᠬᠤ ᠤᠬᠠᠭᠠᠨ ᠤ ᠮᠡᠳᠡᠯᠭᠡ ᠶᠢᠨ ᠲᠠᠶᠢᠯᠤᠮᠵᠢ ᠪᠠ ᠡᠮᠴᠢᠯᠡᠭᠡ | ᠬᠢᠵᠦ᠂ ᠳᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠠᠮᠢᠳᠤᠷᠠᠯ ᠤᠨ ᠵᠠᠩ ᠳᠠᠳᠬᠠᠯ ᠪᠠ ᠬᠦᠳᠡᠭᠡ ᠳᠤᠰᠬᠤᠨ | ᠮᠠᠯᠵᠢᠬᠤ ᠤᠷᠤᠨ ᠳᠤ ᠪᠠᠶᠢᠡᠭᠭᠤ ᠳᠤᠬᠢᠶᠠᠯᠳᠤᠳᠠᠬ ᠴᠢᠰᠤᠨ ᠳᠠᠷᠤᠯᠲᠠ ᠥᠨᠳᠥᠷ ᠡᠪᠡᠳᠴᠢᠨ᠂ ᠬᠤᠳᠣᠭᠤᠳᠣᠨ ᠤ | ᠦᠷᠪᠢᠰᠦᠯ ᠵᠡᠷᠭᠡ ᠶᠢᠨ ᠡᠪᠡᠳᠴᠢᠨ ᠡᠬᠦᠰᠬᠦ ᠰᠢᠯᠳᠠᠭᠠᠨ ᠪᠠ ᠡᠮᠨᠡᠨ ᠵᠠᠰᠠᠬᠤ ᠮᠡᠳᠡᠯᠭᠡ ᠶᠢᠨ ᠳᠠᠶᠢᠯᠤᠮᠵᠢ ᠬᠢᠭᠰᠡᠨ | ᠮᠦᠷᠳᠡᠭᠡᠨ ᠠᠯᠪᠠᠨ ᠵᠢᠷᠤᠮ ᠤᠨ ᠡᠮᠴᠢᠯᠡᠭᠡᠨ ᠬᠢᠭᠰᠡᠨ ᠪᠠᠶᠢᠨ᠎ᠠ᠃ ᠲᠠᠳᠠ ᠠᠯᠪᠠᠨ ᠵᠢᠷᠤᠮ ᠤᠨ ᠡᠮᠴᠢᠯᠡᠭᠡ ᠪᠠᠷ | ᠳᠠᠮᠵᠢᠭᠤᠯᠤᠨ ᠴᠢᠨᠠᠷ ᠰᠠᠶᠢᠲᠠᠶ ᠡᠮ ᠡᠮᠨᠡᠯᠭᠡ ᠶᠢᠨ ᠦᠢᠯᠡᠴᠢᠯᠡᠭᠡ ᠶᠢ ᠬᠥᠳᠡᠭᠡ ᠲᠣᠰᠬᠤᠨ ᠮᠠᠯᠵᠢᠬᠤ ᠤᠷᠤᠨ ᠳᠤ | ᠬᠦᠷᠭᠡᠪᠡ᠃ | ︽ᠬᠤᠪᠢᠰᠬᠠᠯᠲᠤ ᠣᠳᠬ᠎ᠠ ᠤᠷᠠᠯᠢᠭ︾ ᠨᠢ ᠦᠨᠳᠦᠰᠦᠲᠡᠨ ᠤ ᠪᠦᠯᠬᠦᠮᠳᠡᠯ ᠤᠨ ᠳᠠᠭᠤᠨ ᠢ ᠬᠠᠩᠭᠢᠨᠠᠭᠤᠯᠪᠠ᠃ | ᠤᠶᠢᠷ᠎ᠠ ᠶᠢᠨ ᠡᠳᠦᠷ᠂ ᠬᠤᠪᠢᠰᠬᠠᠯᠳᠦ ᠤᠳᠬ᠎ᠠ ᠤᠷᠠᠯᠢᠬ ᠤᠨ ᠦᠢᠯᠡᠴᠢᠯᠡᠭᠡᠨ ᠤ ᠪᠦᠯᠬᠦᠮ ᠤᠨ ᠭᠡᠰᠢᠬᠦᠳ | ᠬᠤᠷᠴᠢᠨ ᠪᠠᠯᠭᠠᠰᠤᠨ ᠤ ᠰᠢᠩ ᠺᠧ ᠨᠡᠶᠢᠭᠡᠮ ᠳᠤᠭᠤᠷᠢᠬ ᠢᠶᠠᠷ ᠬᠦᠷᠴᠦ᠂ ᠳᠠᠭᠤᠤ ᠪᠦᠵᠢᠭ ᠤᠨ ᠳᠤᠬᠯᠠᠯᠳᠠ | ᠭᠠᠷᠭᠠᠨ᠂ ᠦᠨᠳᠦᠰᠤᠳᠡᠨ ᠨᠦᠭᠦᠳ ᠤᠨ ᠤᠯᠠᠨ ᠲᠦᠮᠡᠨ ᠤ ᠤᠶᠤᠨ ᠰᠠᠨᠠᠭᠠᠨ ᠤ ᠠᠮᠢᠳᠤᠷᠠᠯ ᠢ ᠡᠯᠪᠡᠭᠵᠢᠬᠦᠯᠤᠨᠠ᠃ | ︽ᠬᠤᠪᠢᠰᠬᠠᠯᠳᠦ ᠤᠳᠬ᠎ᠠ ᠤᠷᠠᠯᠢᠬ ᠤᠨ ᠦᠢᠯᠡᠴᠢᠯᠡᠭᠡᠨ ᠤ ᠰᠠᠯᠪᠤᠷᠢ ᠠᠩᠬᠢ ᠶᠢᠨ ᠭᠡᠰᠢᠬᠦᠳ ᠳᠤᠬᠳᠠᠬᠰᠠᠨ | ᠬᠤᠭᠤᠴᠠᠭ᠎ᠠ ᠲᠠᠢ ᠪᠠᠷ ᠨᠡᠶᠢᠭᠡᠮ ᠳᠤᠭᠤᠷᠢᠬ ᠲᠤ ᠬᠦᠷᠴᠦ᠂ ᠤᠷᠠᠨ ᠰᠠᠶᠢᠬᠠᠨ ᠤ ᠳᠤᠬᠯᠠᠯᠳᠠ ᠭᠠᠷᠭᠠᠵᠦ᠂ ᠮᠠᠨ ᠤ | ᠨᠠᠰᠤᠳᠠᠶᠢᠴᠤᠳ ᠤᠨ ᠠᠮᠢᠳᠤᠷᠠᠯ ᠳᠤ ᠪᠠᠶᠠᠷ ᠵᠢᠷᠭᠠᠯ ᠠᠪᠴᠢᠷᠠᠵᠦ ᠦᠭᠴᠦ ᠪᠤᠢ︾ ᠭᠡᠵᠦ ᠰᠢᠩ ᠺᠧ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠯᠧᠩ ᠱᠦ ᠴᠢᠩ ᠶᠠᠷᠢᠵᠦ ᠪᠠᠶᠢᠯ᠎ᠠ᠃ | ᠬᠤᠪᠢᠰᠬᠠᠯᠳᠦ ᠤᠳᠬ᠎ᠠ ᠤᠷᠠᠯᠢᠬ ᠤᠨ ᠦᠢᠯᠡᠴᠢᠯᠡᠭᠡᠨ ᠤ ᠪᠦᠯᠬᠦᠮ ᠠᠭᠤᠤ ᠨᠠᠮ ᠢᠶᠠᠨ ᠮᠠᠬᠳᠠᠨ ᠳᠠᠭᠤᠯᠠᠬᠤ᠂ | ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠦᠬᠦᠯᠡᠬᠦ᠂ ᠰᠠᠶᠢᠨ ᠰᠠᠶᠢᠬᠠᠨ ᠠᠮᠢᠳᠤᠷᠠᠯ ᠢᠶᠠᠨ ᠮᠠᠬᠳᠠᠨ | ᠳᠠᠭᠤᠯᠠᠬᠤ ᠪᠠᠷ ᠳᠠᠮᠵᠢᠨ ᠦᠨᠳᠦᠰᠦᠳᠡᠨ ᠨᠦᠭᠦᠳ ᠤᠨ ᠤᠯᠠᠨ ᠲᠦᠮᠡᠨ ᠤ ᠤᠶᠤᠨ ᠰᠠᠨᠠᠭᠠᠨ ᠤ ᠠᠮᠢᠳᠤᠷᠠᠯ ᠢ | ᠡᠯᠪᠡᠭᠵᠢᠬᠦᠯᠵᠦ᠂ ᠳᠤᠮᠳᠠᠳᠤ ᠶᠢᠨ ᠦᠨᠳᠦᠰᠦᠳᠡᠨ ᠤ ᠬᠠᠮᠳᠦ ᠶᠢᠨ ᠴᠤᠬᠴᠠ ᠶᠢᠨ ᠤᠬᠠᠮᠰᠠᠷ ᠢ ᠨᠢᠳᠤᠨ ᠳᠤ | ᠦᠵᠡᠭᠳᠡᠮᠠ ᠭᠠᠷ ᠲᠤ ᠪᠠᠷᠢᠬᠳᠠᠮ᠎ᠠ ᠰᠡᠳᠬᠢᠯ ᠳᠤ ᠰᠠᠭᠤᠬᠳᠠᠮᠠ ᠪᠡᠳᠦ ᠪᠠᠬᠢ ᠴᠤᠬᠴᠠᠯᠠᠵᠠᠢ᠃ | ︽ᠬᠠᠶᠢᠷ᠎ᠠ ᠬᠠᠯᠠᠮᠵᠢᠳᠦ ᠠᠵᠢᠯᠯᠠᠭ᠎ᠠ︾ ᠨᠢ ᠦᠨᠳᠦᠰᠦᠳᠡᠨ ᠤ ᠪᠦᠯᠬᠦᠮᠳᠡᠯ ᠤᠨ ᠬᠦᠭ ᠠᠶᠠᠰ ᠢ ᠴᠠᠪᠬᠠᠳᠠᠪᠠ᠃ | ︽ᠪᠢ ᠨᠢᠭᠡᠨ ᠰᠢᠨ᠎ᠠ ᠪᠤᠬᠴᠦ ᠲᠠᠢ ᠪᠤᠯᠬᠤ ᠶᠢ ᠬᠦᠰᠡᠵᠦ ᠪᠠᠶᠢᠨ᠎ᠠ᠂ ᠪᠢ ᠨᠢᠭᠡᠨ ᠴᠠᠬᠢᠯᠭᠠᠨ ᠳᠤᠭᠤᠭ᠎ᠠ ᠠᠪᠤᠶ᠎ᠠ | ᠭᠡᠵᠦ ᠰᠠᠨᠠᠵᠦ ᠪᠠᠶᠢᠨ᠎ᠠ᠂ ᠪᠢ ᠨᠢᠭᠡ ᠴᠠᠬᠢᠯᠭᠠᠨ ᠰᠡᠩᠰᠡ ᠠᠪᠤᠶ᠎ᠠ ᠭᠡᠵᠦ ᠪᠣᠳᠣᠵᠤ ᠪᠠᠶᠢᠨ᠎ᠠ ᠁︾ ᠡᠳᠡᠭᠡᠷ ᠨᠢ | ᠴᠥᠮ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠬᠳᠦ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ︽ᠵᠢᠵᠢᠭᠭᠡᠨ ᠬᠦᠰᠡᠯ︾ ᠪᠤᠯᠬᠤ ᠶᠤᠮ᠃ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢᠨ | ᠦᠢᠯᠡᠴᠢᠯᠡᠭᠡᠨ ᠤ ᠠᠩᠬᠢ ᠶᠢᠨ ᠬᠢᠨ ᠤᠯᠠᠨ ᠲᠦᠮᠡᠨ ᠤ ᠬᠦᠰᠡᠯ ᠡᠷᠡᠮᠡᠯᠵᠡᠯ ᠢ ᠬᠤᠷᠠᠮᠳᠤᠭᠤᠯᠨ ᠠᠷᠠᠳ ᠤᠨ ᠰᠠᠨᠠᠯ ᠢ | ᠴᠤᠬᠯᠠᠭᠤᠯᠵᠦ ᠪᠠᠶᠢᠬᠤ ᠮᠦᠷᠳᠡᠭᠡᠨ ᠪᠠᠰᠠ ᠬᠠᠷᠠᠭᠠᠯᠵᠠᠬᠰᠠᠨ ᠠᠵᠦ ᠠᠬᠤᠶᠢᠯᠠᠯ ᠲᠠᠢ ᠬᠤᠯᠪᠤᠭᠠᠯᠠᠨ ᠬᠠᠶᠢᠷ᠎ᠠ | ᠬᠠᠯᠠᠮᠵᠢᠳᠦ ᠠᠵᠢᠯᠯᠠᠭ᠎ᠠ ᠦᠷᠨᠢᠬᠦᠯᠵᠦ᠂ ᠦᠨᠳᠦᠰᠦᠳᠡᠨ ᠨᠦᠬᠦᠳ ᠤᠨ ᠤᠯᠠᠨ ᠲᠦᠮᠡᠨ ᠢ ᠠᠮᠢᠳᠤᠷᠠᠯ ᠤᠨ ᠲᠠᠯ᠎ᠠ ᠪᠠᠷ | ᠬᠠᠪᠰᠤᠷᠤᠨ ᠳᠡᠮᠵᠢᠵᠦ ᠪᠤᠢ᠃ | ᠨᠢᠳᠤᠨᠤᠨ ᠵᠢᠯ᠂ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢᠨ ᠦᠢᠯᠡᠴᠢᠯᠡᠭᠡᠨ ᠤ ᠠᠩᠬᠢ ᠠᠴᠠ ᠥᠪᠥᠷ | ᠮᠣᠩᠭᠤᠯ ᠤᠨ ᠭᠦᠸᠧ ᠺᠠᠩ ᠡᠮ ᠡᠮᠨᠡᠯᠭᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠳ᠋ᠦᠩ ᠽᠧ | ᠴᠢᠶᠠᠩ ᠡᠮ ᠡᠮᠨᠡᠯᠭᠡ ᠶᠢᠨ ᠬᠢᠵᠠᠭᠠᠷᠲᠤ ᠺᠣᠮᠫᠠᠨᠢ ᠶᠢ ᠳᠠᠶᠢᠴᠢᠯᠠᠨ᠂ ᠬᠠᠶᠢᠷ᠎ᠠ ᠬᠠᠯᠠᠮᠵᠢᠳᠦ ᠠᠵᠢᠯᠯᠠᠭ᠎ᠠ ᠳᠤ | ᠤᠷᠤᠯᠴᠠᠭᠤᠯᠵᠦ᠂ ᠨᠢᠭᠡᠨᠲᠡ ᠨᠡᠶᠢᠲᠡ 9000 ᠭᠠᠷᠤᠶ ᠲᠥᠭᠦᠷᠢᠭ ᠤᠨ ᠥᠷᠲᠡᠭ ᠪᠥᠬᠦᠶ ᠡᠮ ᠤᠨ ᠵᠦᠢᠯ ᠢ | ᠬᠠᠨᠳᠢᠪᠯᠠᠪᠠ᠃ | ︽ᠤᠷ᠎ᠠ ᠴᠢᠳᠠᠪᠤᠷᠢ ᠶᠢᠨ ᠪᠣᠯᠪᠠᠰᠤᠷᠠᠯ︾ ᠨᠢ ᠦᠨᠳᠦᠰᠦᠳᠡᠨ ᠨᠦᠭᠦᠳ ᠤᠨ ᠬᠠᠮᠳᠦᠪᠡᠷ ᠪᠠᠶᠠᠵᠢᠬᠤ ᠶᠢ | ᠠᠬᠢᠭᠤᠯᠪᠠ᠃ ︽ᠪᠢ ᠵᠠᠰᠠᠭᠲᠤ ᠬᠠᠳᠬᠤᠮᠠᠯ ᠳᠤ ᠶᠡᠭᠡ ᠪᠠᠭ᠋ᠠᠳᠠᠢ᠂ ᠭᠠᠷᠠᠭ ᠪᠦ᠋ᠷᠢ ᠶᠢᠨ ᠭᠤᠷᠪᠠᠨ ᠳᠤ ᠡ᠊ᠨᠳᠡ | ᠢᠷᠡᠵᠦ ᠬᠠᠳᠬᠤᠮᠠᠯ ᠰᠤᠷᠳᠠᠭ᠃ ᠤᠳᠦ ᠪᠢ ᠰᠢᠯᠢᠳᠡᠭ ᠪᠦᠳᠦᠭᠡᠯ ᠢᠶᠠᠨ ᠪᠠᠰᠠ ᠳᠡᠯᠭᠡᠨ ᠬᠤᠳᠠᠯᠳᠤᠵᠦ᠂ | ᠣᠷᠣᠯᠭ᠎ᠠ ᠪᠠᠨ ᠨᠡᠮᠡᠭᠳᠡᠬᠦᠯᠵᠦ ᠪᠤᠢ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠠᠵᠦᠲ᠋ᠦ᠋ᠨ ᠤ | ᠮᠠᠨᠵᠤ ᠦᠨᠳᠦᠰᠦᠲᠡᠨ ᠤ ᠰᠢᠶᠠᠩ ᠤᠨ ᠪᠤᠤ ᠳᠡᠬᠦᠤᠳᠠᠭᠤᠯᠠ ᠶᠠᠷᠢᠨ᠎ᠠ᠃ | ᠤᠷ᠎ᠠ ᠮᠡᠷᠭᠡᠵᠢᠯ ᠤᠨ ᠪᠣᠯᠪᠠᠰᠤᠷᠠᠯ ᠤᠨ ᠦᠢᠯᠡᠴᠢᠯᠡᠭᠡᠨ ᠤ ᠠᠩᠬᠢ ᠠᠴᠠ ᠪᠣᠳᠠᠰ ᠤᠨ ᠪᠤᠰᠦ ᠰᠣᠶᠣᠯ ᠤᠨ | ᠥᠪ ᠤᠨ ᠬᠠᠳᠬᠤᠮᠠᠯ ᠤᠷᠠᠯᠠᠯ ᠤᠨ ᠪᠣᠯᠪᠠᠰᠤᠷᠠᠯ ᠠᠩᠬᠢ ᠡᠷᠬᠢᠯᠡᠵᠦ᠂ ᠬᠠᠤᠬᠤᠮᠠᠯ ᠤᠷᠠᠯᠠᠯ ᠤᠨ ᠪᠠᠭᠰᠢ ᠶᠢ ᠤᠷᠢᠵᠦ | ᠬᠢᠴᠢᠶᠡᠯ ᠤᠷᠤᠬᠤ᠂ ᠶᠠᠷᠢᠯᠴᠠᠬᠤ᠂ ᠪᠣᠯᠪᠠᠰᠤᠷᠠᠬᠤ ᠵᠡᠷᠭᠡ ᠠᠷᠭ᠎ᠠ ᠪᠠᠷ ᠬᠠᠳᠬᠤᠮᠠᠯ ᠤᠨ ᠵᠢᠷᠤᠭ ᠲᠥᠯᠥᠪᠯᠡᠭᠡ᠂ | ᠦᠡᠭᠭᠡ ᠪᠤᠳᠤᠭ ᠤᠨ ᠳᠤᠬᠢᠷᠠᠭᠤᠯᠤᠯᠲᠠ᠂ ᠦᠷᠭᠦᠯᠵᠢ ᠬᠡᠷᠡᠭᠯᠡᠬᠦ ᠬᠠᠳᠬᠤᠮᠡᠯ ᠤᠨ ᠠᠷᠭ᠎ᠠ ᠵᠡᠷᠭᠡ ᠠᠭᠤᠯᠭ᠎ᠠ ᠶᠢ | ᠤᠯᠠᠮᠵᠢᠯᠠᠪᠠ᠃ | ᠨᠢᠳᠤᠨᠤᠨ ᠵᠢᠯ᠂ ᠤᠷ᠎ᠠ ᠮᠡᠷᠭᠡᠵᠢᠯ ᠤᠨ ᠪᠣᠯᠪᠠᠰᠤᠷᠠᠯ ᠤᠨ ᠦᠢᠯᠡᠴᠢᠯᠡᠭᠡᠨ ᠤ ᠠᠩᠬᠢ ᠤᠷᠢᠳ ᠬᠤᠵᠢᠳ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠬᠤ ᠣᠷᠣᠨ ᠵᠢᠴᠢ ᠬᠠᠭᠠᠰ ᠲᠠᠷᠢᠶᠠᠯᠠᠬᠤ ᠬᠠᠭᠠᠰ | ᠮᠠᠯᠵᠢᠬᠤ ᠣᠷᠣᠨ ᠤ 11 ᠰᠤᠮᠤ ᠰᠢᠶᠠᠩ ᠪᠠᠯᠭᠠᠰᠤ᠂ 135 ᠭᠠᠴᠠᠭ᠎ᠠ ᠲᠣᠰᠬᠤᠨ ᠳᠤ 20 ᠡᠳᠦᠷ ᠤᠨ | ᠬᠤᠭᠤᠴᠠᠭ᠎ᠠ ᠲᠠᠢ ᠲᠤᠰᠬᠠᠶ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠣᠨᠣᠯ ᠤᠨ ᠵᠢᠭᠠᠨ ᠰᠤᠷᠭᠠᠯᠲᠠ᠂ | ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ ᠠᠷᠭ᠎ᠠ ᠮᠠᠶ᠋ᠢᠭ ᠢᠶᠠᠷ ᠳᠡᠮᠵᠢᠨ᠂ ᠡᠭᠦᠯᠳᠡᠷ | ᠰᠠᠶᠢᠵᠢᠷᠠᠭᠤᠯᠬᠤ᠂ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠬᠠᠮᠢᠶ᠎ᠠ ᠪᠥᠬᠦᠶ ᠮᠡᠳᠡᠯᠭᠡ᠂ | ᠮᠡᠷᠭᠡᠵᠢᠯ ᠵᠢᠴᠢ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠡᠷᠭᠡ ᠠᠭᠤᠯᠭ᠎ᠠ ᠳᠤ | ᠭᠤᠤᠯᠳᠠᠯᠭ᠎ᠠ ᠲᠠᠢ ᠲᠠᠶᠢᠯᠤᠮᠵᠢ ᠬᠢᠵᠠᠢ᠃ ᠨᠢᠳᠤᠨᠤᠨ ᠵᠢᠯ᠂ ᠤᠷ᠎ᠠ ᠴᠢᠳᠠᠪᠤᠷᠢ ᠶᠢᠨ ᠪᠣᠯᠪᠠᠰᠤᠷᠠᠯ ᠤᠨ | ᠦᠢᠯᠡᠴᠢᠯᠡᠭᠡᠨ ᠤ ᠠᠩᠭᠢ 5000 ᠭᠠᠷᠤᠶ ᠲᠠᠷᠢᠶᠠᠴᠢᠨ ᠡᠷᠦᠬᠡ ᠳᠤ ᠪᠤᠯᠪᠠᠰᠤᠷᠠᠯ ᠬᠦᠷᠳᠡᠭᠡᠪᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠷᠭᠦᠯᠵᠢᠯᠡᠨ ᠰᠡᠳᠭᠢᠯ ᠢᠶᠠᠨ ᠨᠢᠭᠡᠳᠭᠡᠨ ᠬᠦᠴᠦ ᠪᠠᠨ | ᠬᠠᠮᠲᠤᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠭᠠᠷ ᠬᠤᠯᠪᠣᠨ ᠬᠠᠮᠳᠦᠪᠡᠷ ᠤᠷᠤᠭᠰᠢᠯᠠᠵᠤ᠂ | ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠨᠳᠦᠰᠦᠲᠡᠨ ᠤ | ᠪᠦᠯᠬᠦᠮᠳᠡᠯ ᠤᠨ ᠬᠦᠴᠦᠷᠬᠡᠭ ᠶᠡᠭᠡ ᠡᠨᠧᠷᠭᠢ ᠶᠢ ᠳᠠᠮᠵᠢᠭᠤᠯᠤᠨ᠎ᠠ᠃ | |