| 1 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠳ᠋ᠠ ᠴᠢᠩ ᠷᠦᠨ ᠯᠦᠩ | ︵ᠲᠤᠮᠳᠠᠳᠤ ᠤᠯᠤᠰ︶ ᠨᠡᠷᠡᠳᠦ ᠳᠡᠮᠳᠡᠭᠳᠦ ᠶᠢᠨ ᠬᠠᠮᠢᠶᠠᠷᠤᠯᠳᠠ ᠶᠢᠨ ᠬᠢᠵᠠᠭᠠᠷᠲᠤ ᠺᠣᠮᠫᠠᠨᠢ ᠵᠢᠴᠢ ᠳ᠋ᠠᠨᠮᠠᠷᠺ ᠤᠨ ᠳ᠋ᠠᠨ | ᠷᠦᠢ ᠯᠢ ︵ᠲᠤᠮᠳᠠᠳᠤ ᠤᠯᠤᠰ ᠤᠨ ᠱᠠᠩᠬᠠᠢ︶ ᠠᠵᠤ ᠠᠬᠤᠶᠢᠯᠠᠯ ᠤᠨ ᠬᠠᠮᠢᠶᠠᠷᠤᠯᠳᠠ ᠶᠢᠨ ᠬᠢᠵᠠᠭᠠᠷᠲᠤ | ᠺᠣᠮᠫᠠᠨᠢ ᠲᠠᠢ ᠰᠠᠨᠠᠯ ᠢᠶᠠᠨ ᠰᠣᠯᠢᠯᠴᠠᠨ ᠶᠠᠷᠢᠯᠴᠠᠬᠤ ᠬᠤᠷᠠᠯ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠳ᠋ᠠ ᠴᠢᠩ ᠷᠦᠨ ᠯᠦᠩ ︵ᠳᠤᠮᠳᠠᠳᠤ ᠤᠯᠤᠰ︶ ᠨᠠᠷᠠᠲᠤ | ᠲᠡᠮᠳᠡᠭᠲᠦ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠠᠨ ᠯᠦᠩ᠂ | ᠳ᠋ᠠᠨᠮᠠᠷᠺ ᠤᠨ ᠳ᠋ᠠᠨ ᠷᠦᠢ ᠯᠢ ︵ᠳᠤᠮᠳᠠᠳᠤ ᠤᠯᠤᠰ ᠤᠨ ᠱᠠᠩᠬᠠᠶ︶ ᠠᠵᠤ ᠠᠬᠤᠶᠢᠯᠠᠯ ᠤᠨ ᠬᠠᠮᠢᠶᠠᠷᠤᠯᠲᠠ ᠶᠢᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠦᠩ ᠳ᠋ᠢ ᠪᠥᠸᠧ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠳ᠋ᠠ ᠴᠢᠩ ᠷᠦᠨ ᠯᠦᠩ ︵ᠳᠤᠮᠳᠠᠳᠤ ᠤᠯᠤᠰ︶ ᠨᠠᠷᠠᠲᠤ ᠲᠡᠮᠳᠡᠭᠲᠦ ᠶᠢᠨ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠵᠤ ᠠᠬᠤᠶᠢᠯᠠᠯ ᠤᠨ ᠦᠢᠯᠡᠳᠭᠦᠨ ᠤ ᠣᠨᠴᠠᠯᠢᠭ᠂ ᠲᠦᠭᠦᠬᠡᠶ | ᠮᠠᠲ᠋ᠧᠷᠢᠶᠠᠯ ᠤᠨ ᠲᠠᠷᠢᠮᠠᠯ ᠤᠨ ᠪᠠᠶᠢᠳᠠᠯ᠂ ᠦᠢᠯᠡᠳᠭᠦᠨ ᠤ ᠥᠷᠲᠡᠭ ᠦᠢᠯᠡᠳᠪᠤᠷᠢᠯᠡᠬᠦ ᠴᠢᠳᠠᠪᠤᠷᠢ ᠵᠢᠴᠢ ᠠᠵᠤ | ᠠᠬᠤᠶᠢᠯᠠᠯ ᠤᠨ ᠪᠣᠷᠣᠯᠠᠭᠤᠯᠤᠯᠲᠠ ᠶᠢᠨ ᠪᠠᠶᠢᠳᠠᠯ ᠢ ᠨᠠᠷᠢᠨ ᠲᠠᠨᠢᠯᠴᠠᠭᠤᠯᠬᠤ ᠶᠢᠨ ᠬᠠᠮᠲᠤ᠂ ᠠᠵᠤ ᠠᠬᠤᠶᠢᠯᠠᠯ ᠤᠨ | ᠦᠢᠯᠡᠳᠭᠦᠨ ᠤ ᠶᠠᠰᠤ ᠴᠢᠨᠠᠷ ᠪᠣᠯᠤᠨ ᠲᠦᠭᠦᠬᠡᠶ ᠮᠠᠲ᠋ᠧᠷᠢᠶᠠᠯ ᠤᠨ ᠪᠣᠬᠢᠷᠲᠤᠯ ᠥᠬᠡᠶ ᠥᠪᠡᠷᠮᠢᠴᠡ ᠴᠢᠨᠠᠷ ᠨᠢ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠯᠢᠳᠡᠭ ᠰᠠᠶᠢᠨ ᠣᠷᠴᠢᠨ ᠲᠣᠭᠤᠷᠢᠨ ᠤ ᠡᠬᠢ | ᠪᠠᠶᠠᠯᠢᠭ ᠲᠠᠢ ᠳᠡᠭᠡᠳᠦ ᠬᠡᠮᠵᠢᠶ᠎ᠡ ᠪᠠᠷ ᠵᠣᠬᠢᠴᠠᠯᠳᠤᠵᠤ᠂ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠶ ᠲᠠᠢ ᠭᠡᠵᠦ | ᠴᠢᠬᠤᠯᠠᠴᠢᠯᠠᠪᠠ᠃ | ᠳ᠋ᠠᠨᠮᠠᠷᠺ ᠤᠨ ᠳ᠋ᠠᠨ ᠷᠦᠢ ᠯᠢ ︵ᠳᠤᠮᠳᠠᠳᠤ ᠤᠯᠤᠰ ᠤᠨ ᠱᠠᠩᠬᠠᠶ︶ ᠠᠵᠤ ᠠᠬᠤᠶᠢᠯᠠᠯ ᠤᠨ ᠬᠠᠮᠢᠶᠠᠷᠤᠯᠲᠠ ᠶᠢᠨ | ᠬᠢᠵᠠᠭᠠᠷᠲᠤ ᠺᠣᠮᠫᠠᠨᠢ ᠨᠢ ᠠᠵᠤ ᠠᠬᠤᠶᠢᠯᠠᠯ ᠤᠨ ᠪᠣᠬᠢᠷᠲᠤᠯ ᠥᠬᠡᠶ ᠣᠷᠴᠢᠨ ᠲᠤᠭᠤᠷᠢᠨ ᠤ ᠬᠠᠮᠠᠭᠠᠯᠠᠯᠲᠠ ᠵᠢᠴᠢ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠣᠶᠢᠯᠠᠭᠠᠭᠳᠠᠬᠤᠨ ᠤ ᠲᠤᠬᠠᠶ ᠲᠠᠶᠢᠯᠪᠤᠷᠢᠯᠠᠯᠲᠠ | ᠬᠢᠵᠦ᠂ ᠪᠥᠬᠦ ᠳᠡᠯᠡᠬᠡᠶ ᠶᠢᠨ ᠬᠡᠪᠴᠢᠶᠡᠨ ᠳᠤ ᠪᠣᠬᠢᠷᠲᠤᠯ ᠥᠬᠡᠶ ᠠᠵᠤ ᠠᠬᠤᠶ ᠪᠠ ᠰᠣᠶᠣᠯ ᠵᠢᠭᠤᠯᠴᠢᠯᠠᠯ ᠤᠨ | ᠠᠭᠤᠰᠤᠯᠴᠠᠯ ᠢ ᠠᠬᠢᠭᠤᠯᠤᠭᠰᠠᠨ ᠠᠮᠵᠢᠯᠲᠠᠲᠠᠶ ᠲᠤᠷᠰᠢᠯᠭ᠎ᠠ ᠶᠢ ᠬᠤᠪᠢᠶᠠᠯᠴᠠᠭᠰᠠᠨ ᠪᠥᠭᠡᠳ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤ ᠯᠤᠭ᠎ᠠ ᠶᠢᠨ ᠬᠠᠮᠲᠤᠷᠠᠯᠴᠠᠭ᠎ᠠ ᠳᠤ ᠭᠦᠨ ᠵᠤᠵᠠᠭᠠᠨ ᠳᠤᠷ᠎ᠠ ᠰᠣᠨᠢᠷᠬᠠᠯ ᠲᠠᠢ | ᠪᠠᠶᠢᠬᠤ ᠪᠠᠨ ᠢᠯᠡᠳᠬᠡᠵᠡᠶ᠃ | ᠯᠢᠦ ᠬᠠᠶ ᠲᠤᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠥᠪᠡᠷᠮᠢᠴᠡ ᠣᠨᠴᠠᠯᠢᠭ ᠲᠠᠢ | ᠪᠠᠶᠢᠭᠠᠯᠢ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠲᠠᠢ᠂ ᠢᠯᠠᠩᠭᠤᠶ᠎ᠠ ᠪᠣᠬᠢᠷᠲᠤᠯ ᠥᠬᠡᠶ ᠤᠰᠤ ᠪᠠ | ᠠᠭᠠᠷ ᠲᠠᠢ ᠪᠠᠶᠢᠵᠤ᠂ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠪᠠ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠳ᠋ᠠ ᠴᠢᠩ ᠷᠦᠨ ᠯᠦᠩ ᠪᠣᠯᠤᠨ ᠳ᠋ᠠᠨᠮᠠᠷᠺ ᠤᠨ ᠳ᠋ᠠᠨ ᠷᠦᠢ ᠯᠢ ᠬᠤᠶᠠᠷ ᠺᠣᠮᠫᠠᠨᠢ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠳᠤ ᠪᠡᠯᠡ ᠣᠷᠣᠭᠤᠯᠤᠨ ᠦᠢᠯᠡᠰ ᠪᠤᠰᠬᠠᠬᠤ ᠪᠠᠷ ᠪᠣᠯᠪᠠ᠂ ᠮᠠᠨ ᠤ ᠬᠤᠰᠢᠭᠤᠨ ᠤ ᠬᠢᠨ | ᠤᠯᠤᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠢᠨ ᠨᠢᠭᠲᠠ | ᠬᠠᠮᠵᠢᠯᠴᠠᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠠᠮᠲᠤᠪᠠᠷ ᠠᠬᠢᠭᠤᠯᠵᠤ᠂ | ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠪᠠᠷ ᠪᠠᠶᠢᠨ᠎ᠠ | ᠭᠡᠵᠡᠢ᠃ |