| ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 16 ᠤ ᠡᠳᠦᠷ ᠠᠴᠠ 17 ᠤ | ᠡᠳᠦᠷ ᠪᠣᠯᠲᠠᠯ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠢᠶᠠᠩ ᠪᠸᠢ ᠫᠢᠩ ᠲᠣᠰ ᠲᠣᠰ ᠬᠢᠩᠭᠠᠨ | ᠠᠶᠢᠮᠠᠭ ᠤᠨ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠤᠯᠤᠰ ᠤᠨ ᠴᠠᠬᠢᠯᠭᠠᠨ | ᠲᠣᠤᠷ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠠᠬᠢ ᠴᠠᠬᠢᠯᠭᠠᠨ ᠬᠠᠩᠭᠠᠬᠤ ᠺᠣᠮᠫᠠᠨᠢ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠪᠠ ᠬᠡᠰᠡᠭ ᠴᠡᠷᠢᠭ ᠠᠴᠠ | ᠬᠠᠯᠠᠭᠳᠠᠭᠰᠠᠳ ᠤᠨ ᠬᠡᠷ ᠢᠶᠠᠷ ᠬᠦᠷᠴᠦ᠂ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ | ᠃ | ᠬᠢᠩᠭᠠᠨ ᠠᠶᠢᠮᠠᠭ ᠤᠨ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠳᠤ᠂ ᠸᠠᠩ | ᠵᠢᠶᠠ ᠪᠥᠸᠧ᠂ ᠥᠩᠭᠡᠷᠡᠭᠰᠡᠨ ᠨᠢᠭᠡ ᠵᠢᠯ ᠳᠤ᠂ ᠰᠠᠯᠪᠤᠷᠢ ᠠᠩᠭᠢ ᠶᠢᠨ ᠪᠥᠬᠦ ᠭᠠᠯ ᠰᠡᠷᠭᠡᠶᠢᠯᠡᠵᠦ ᠤᠨᠲᠠᠷᠠᠭᠠᠬᠤ | ᠠᠪᠤᠷᠠᠨ ᠲᠤᠰᠠᠯᠠᠬᠤ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠠᠶᠤᠯ ᠲᠦᠭᠰᠢᠭᠦᠷᠢ ᠶᠢ | ᠰᠥᠷᠥᠨ ᠤᠷᠤᠭᠰᠢᠯᠠᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠲᠣᠭᠲᠠᠭᠤᠨ ᠪᠠ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠲᠣᠪᠤᠶᠢᠮ᠎ᠠ ᠬᠤᠪᠢ | ᠨᠡᠮᠡᠷᠢ ᠦᠵᠡᠭᠦᠯᠦᠭᠰᠡᠨ ᠪᠠᠶᠢᠨ᠎ᠠ᠃ ᠰᠢᠨ᠎ᠡ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠦᠢᠯᠡᠰ ᠤᠨ ᠬᠦᠢᠭᠵᠢᠯᠲᠠ ᠶᠢ ᠦᠷᠭᠦᠯᠵᠢᠯᠡᠨ | ᠬᠠᠯᠠᠮᠵᠢᠯᠠᠨ ᠲᠠᠮᠵᠢᠵᠤ᠂ ᠪᠦᠭᠦ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ ᠤᠨ ᠰᠢᠯᠢᠳᠡᠭ | ᠤᠯᠠᠮᠵᠢᠯᠠᠯ ᠪᠠ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠬᠦᠭᠵᠢᠯᠳᠡ ᠪᠠ ᠲᠣᠭᠲᠠᠭᠤᠨ ᠪᠠᠶᠢᠳᠠᠯ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ | ᠬᠦᠰᠡᠵᠦ ᠪᠠᠶᠢᠨ᠎ᠠ ᠭᠡᠵᠡᠢ᠃ | ᠤᠯᠤᠰ ᠤᠨ ᠴᠠᠬᠢᠯᠭᠠᠨ ᠲᠣᠣᠷ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠠᠬᠢ ᠴᠠᠬᠢᠯᠭᠠᠨ | ᠬᠠᠩᠭᠠᠬᠤ ᠺᠣᠮᠫᠠᠨᠢ ᠳᠤ᠂ ᠸᠠᠩ ᠵᠢᠶᠠ ᠪᠥᠸᠧ᠂ ᠵᠢᠶᠠᠩ ᠪᠸᠢ ᠫᠢᠩ ᠨᠡᠷ ᠨᠢᠭᠡᠳᠦᠭᠡᠷ ᠹᠷᠣᠨᠲ ᠤᠨ ᠠᠵᠢᠯᠲᠠᠳ ᠲᠠᠢ | ᠳᠣᠲᠣᠨᠣ ᠪᠠᠷ ᠶᠠᠷᠢᠯᠴᠠᠵᠤ᠂ ᠴᠠᠬᠢᠯᠭᠠᠨ ᠬᠠᠩᠭᠠᠬᠤ ᠺᠣᠮᠫᠠᠨᠢ ᠶᠢᠨ ᠪᠥᠬᠦ ᠬᠤᠰᠢᠭᠤᠨ ᠤ ᠴᠠᠬᠢᠯᠭᠠᠨ ᠬᠦᠴᠦᠨ ᠤ | ᠲᠣᠭᠲᠠᠭᠤᠨ ᠬᠠᠩᠭᠠᠯᠭ᠎ᠠ ᠶᠢ ᠪᠠᠲᠤᠯᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠵᠡᠷᠭᠡ | ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠶᠢ ᠨᠤᠲᠠᠯᠠᠬᠤ ᠶᠢᠨ ᠬᠠᠮᠲᠤ᠂ ᠴᠠᠬᠢᠯᠭᠠᠨ ᠬᠦᠴᠦᠨ ᠪᠣᠯ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠴᠢᠬᠤᠯᠠ ᠰᠠᠭᠤᠷᠢ ᠮᠥᠨ᠂ ᠴᠠᠬᠢᠯᠭᠠᠨ ᠬᠠᠩᠭᠠᠬᠤ ᠺᠣᠮᠫᠠᠨᠢ ᠶᠢᠨ ᠴᠠᠭᠠᠨ ᠰᠠᠷ᠎ᠠ ᠶᠢᠨ | ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠠᠮᠤᠷ | ᠲᠣᠭᠲᠠᠭᠤᠨ ᠪᠠᠶᠢᠬᠤ ᠶᠢ ᠪᠠᠲᠤᠯᠠᠵᠤ᠂ ᠪᠥᠬᠦ ᠬᠤᠰᠢᠭᠤᠨ ᠤ ᠠᠷᠠᠳ ᠲᠦᠮᠡᠨ ᠢ ᠪᠠᠶᠠᠷ ᠬᠥᠷ ᠲᠠᠢ ᠥᠯᠵᠡᠶ | ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠬᠦᠰᠡᠵᠦ ᠪᠠᠶᠢᠨ᠎ᠠ ᠭᠡᠵᠡᠢ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ᠂ ᠸᠠᠩ ᠵᠢᠶᠠ | ᠪᠥᠸᠧ ᠪᠣᠯᠤᠨ ᠵᠢᠶᠠᠩ ᠪᠸᠢ ᠫᠢᠩ ᠰᠣᠨᠢᠨ ᠮᠡᠳᠡᠭᠡᠨ ᠤ ᠤᠬᠠᠭᠤᠯᠭ᠎ᠠ ᠶᠢᠨ ᠡᠮᠦᠨ᠎ᠡ ᠹᠷᠣᠨᠲ ᠲᠤ ᠠᠵᠢᠯᠯᠠᠵᠤ | ᠪᠠᠶᠢᠭ᠎ᠠ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠵᠦ᠂ | ᠰᠢᠨ᠎ᠡ ᠨᠢᠭᠡᠨ ᠵᠢᠯ ᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠭᠤᠤᠯ ᠵᠠᠭᠤᠴᠢᠯᠠᠭᠤᠷ ᠤᠨ | ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠤᠬᠠᠭᠤᠯᠭ᠎ᠠ ᠶᠢᠨ ᠬᠡᠯᠪᠡᠷᠢ ᠪᠠ ᠠᠭᠤᠯᠭ᠎ᠠ ᠶᠢᠨ ᠰᠢᠨ᠎ᠡ ᠶᠢ | ᠲᠠᠰᠤᠷᠠᠯᠲᠠ ᠥᠬᠡᠶ ᠡᠭᠦᠳᠴᠦ᠂ ᠡᠮᠦᠨᠡᠳᠦ ᠬᠤᠰᠢᠭᠤᠨ ᠤ ᠥᠯᠢᠭᠡᠷ ᠢ ᠰᠠᠶᠢᠲᠤᠷ ᠶᠠᠷᠢᠵᠤ᠂ ᠬᠤᠷᠴᠢᠨ ᠪᠠᠷᠠᠭᠤᠨ | ᠭᠠᠷᠤᠨ ᠡᠮᠦᠨᠡᠳᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ | ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤᠨ ᠤ ᠰᠢᠩ ᠹᠦ᠋ ᠯᠦ ᠲᠣᠰᠬᠤᠨ ᠤ | ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠸᠠᠩ ᠶᠦᠨ ᠭᠠᠩ ᠡᠨᠡ ᠵᠢᠯ 74 ᠨᠠᠰᠤᠲᠠᠢ᠂ ᠭᠡᠪᠡᠴᠦ ᠪᠡᠶ᠎ᠡ | ᠳᠡᠩᠬᠡᠯᠡᠭᠦᠨ᠂ ᠴᠤᠭ ᠵᠢᠪᠬᠤᠭ᠎ᠠ ᠲᠠᠢ᠂ ᠸᠠᠩ ᠵᠢᠶᠠ ᠪᠥᠸᠧ ᠲᠡᠭᠦᠨ ᠲᠠᠢ ᠵᠣᠭᠤᠭ ᠳᠡᠯᠭᠡᠵᠦ᠂ ᠨᠠᠰᠤᠲᠠᠨ ᠤ | ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠬᠤ ᠶᠢᠨ ᠬᠠᠮᠲᠤ ᠪᠠᠶᠠᠷ ᠤᠨ ᠡᠳᠦᠷ ᠤᠨ | ᠮᠡᠨᠳᠦᠴᠢᠯᠡᠯ ᠪᠣᠯᠤᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠨᠠᠰᠤᠲᠠᠨ ᠳᠤ ᠨᠠᠮ ᠪᠣᠯᠤᠨ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠵᠡᠢ᠃ | |