ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠴᠠᠭᠠᠨ ᠰᠠᠷ᠎ᠠ  ᠠᠴᠠ ᠡᠮᠦᠨᠡᠬᠢ ᠲᠤᠬᠤᠨᠢᠭᠤᠯᠭ᠎ᠠ ᠬᠢᠪᠡ
ᠨᠡᠶᠢᠲᠡᠯᠡᠭᠰᠡᠨ ᠴᠠᠭ᠄
2025/1/20
     1 ᠰᠠᠷ᠎ᠠ ᠶᠢᠨ 16 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠬᠢᠩᠭᠠᠨ ᠠᠶᠢᠮᠠᠭ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠪᠣᠯᠤᠨ ᠴᠡᠷᠢᠭ ᠠᠴᠠ ᠬᠠᠯᠠᠭᠳᠠᠭᠰᠠᠳ ᠤᠨ ᠠᠰᠠᠷᠠᠨ ᠬᠠᠷᠠᠭᠠᠯᠵᠠᠬᠤ ᠡᠲᠡᠭᠡᠳ ᠤᠨ ᠬᠡᠷ ᠢᠶᠠᠷ ᠭᠦᠨᠵᠡᠭᠡᠶᠢᠷᠡᠵᠦ ᠂ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃    ᠬᠢᠩᠭᠠᠨ ᠠᠶᠢᠮᠠᠭ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠬᠢ ᠳᠤ᠂ ᠶᠤᠸᠠᠢ ᠰᠦᠩ ᠱᠠᠨ᠂ ᠪᠠᠶᠢᠯᠳᠤᠭᠴᠢᠳ ᠲᠤ ᠲᠣᠬᠤᠨᠢᠭᠤᠯᠬᠤ ᠪᠣᠳᠠᠰ ᠬᠦᠷᠭᠡᠬᠦ ᠶᠢᠨ ᠲᠠᠭᠠᠤ ᠬᠢᠯᠢ ᠶᠢᠨ ᠬᠠᠮᠠᠭᠠᠯᠠᠯᠲᠠ ᠶᠢᠨ ᠪᠠᠶᠢᠯᠳᠤᠭᠴᠢᠳ ᠤᠨ ᠰᠢᠨ᠎ᠡ ᠨᠢᠭᠡ ᠵᠢᠯ ᠳᠤ᠂ ᠤᠯᠠᠨ ᠢᠶᠠᠷ ᠢᠶᠠᠨ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠨ ᠦᠷᠭᠦᠯᠵᠢᠯᠡᠨ ᠪᠠᠷᠢᠮᠲᠠᠯᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠢᠯᠢ ᠬᠢᠵᠠᠭᠠᠷ ᠤᠨ ᠬᠠᠮᠢᠶᠠᠷᠤᠯᠲᠠ ᠡᠵᠡᠮᠳᠡᠯ ᠢ ᠴᠢᠨᠠᠭᠰᠢᠳᠠ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃    ᠴᠡᠷᠢᠭ ᠠᠴᠠ ᠬᠠᠯᠠᠭᠳᠠᠭᠰᠠᠳ ᠤᠨ ᠠᠰᠠᠷᠠᠨ ᠬᠠᠷᠠᠭᠠᠯᠵᠠᠬᠤ ᠡᠲᠡᠭᠡᠳ ᠵᠧᠦ ᠳ᠋ᠧ ᠰᠢᠶᠠᠩ ᠤᠨ ᠭᠡᠷ ᠲᠤ᠂ ᠶᠤᠸᠠᠢ ᠰᠦᠩ ᠱᠠᠨ ᠲᠡᠭᠦᠨ ᠤ ᠪᠡᠶ᠎ᠡ ᠶᠢᠨ ᠪᠠᠶᠢᠳᠠᠯ ᠪᠣᠯᠤᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠨᠠᠷᠢᠨ ᠬᠢᠨᠠᠮᠠᠭᠠᠢ ᠠᠰᠠᠭᠤᠵᠤ᠂ ᠲᠡᠭᠦᠨ ᠤ ᠪᠠᠶᠢᠯᠳᠤᠭᠠᠨ ᠤ ᠥᠩᠭᠡᠷᠡᠯᠲᠡ ᠪᠣᠯᠤᠨ ᠴᠡᠷᠢᠭ ᠠᠴᠠ ᠬᠠᠯᠠᠭᠳᠠᠭᠰᠠᠨ ᠤ ᠳᠠᠷᠠᠭᠠᠬᠢ ᠠᠮᠢᠳᠤᠷᠠᠯ ᠤᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠠᠢ᠃ ᠶᠤᠸᠠᠢ ᠰᠦᠩ ᠱᠠᠨ᠂ ᠵᠧᠦ ᠳ᠋ᠧ ᠰᠢᠶᠠᠩ ᠤᠨ ᠤᠯᠤᠰ ᠪᠣᠯᠤᠨ ᠠᠷᠠᠳ ᠲᠦᠮᠡᠨ ᠳᠤ ᠦᠵᠡᠭᠦᠯᠦᠭᠰᠡᠨ ᠬᠤᠪᠢ ᠨᠡᠮᠡᠷᠢ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠵᠦ᠂ ᠲᠡᠬᠦᠨ ᠢ ᠪᠡᠶ᠎ᠡ ᠪᠠᠨ ᠬᠢᠴᠢᠶᠡᠵᠦ᠂ ᠰᠠᠶᠢᠨ ᠰᠠᠶᠢᠬᠠᠨ ᠰᠡᠳᠬᠢᠯ ᠰᠠᠨᠠᠭ᠎ᠠ ᠲᠠᠢ ᠪᠠᠶᠢᠵᠤ᠂ ᠵᠣᠯ ᠵᠢᠷᠭᠠᠯᠲᠤ ᠠᠮᠢᠳᠤᠷᠠᠯ ᠢᠶᠠᠨ ᠡᠳ᠋ᠯᠡᠵᠦ᠂ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠵᠣᠷᠢᠭᠵᠢᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号