| 1 ᠰᠠᠷ᠎ᠠ ᠶᠢᠨ 16 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠬᠤᠸᠠᠩ ᠮᠠᠨ ᠯᠢᠶᠠᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠳᠦᠭᠡᠷ | ᠪᠠᠯᠭᠠᠰᠤᠨ ᠤ ᠱᠤᠸᠠᠩ ᠱᠧᠩ ᠲᠣᠰᠬᠤᠨ ᠪᠠ ᠵᠢᠩ ᠶᠠᠩ ᠲᠣᠰᠬᠤᠨ ᠢᠶᠠᠷ ᠭᠦᠨᠵᠡᠭᠡᠶᠢᠷᠡᠵᠦ᠂ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠪᠠ ᠠᠰᠠᠷᠠᠨ ᠬᠠᠷᠠᠭᠠᠯᠵᠠᠭᠴᠢᠳ ᠲᠤ ᠴᠠᠭᠠᠨ ᠰᠠᠷ᠎ᠠ ᠶᠢᠨ ᠮᠡᠨᠳᠦᠴᠢᠯᠡᠯ | ᠬᠦᠷᠭᠡᠪᠡ᠃ | ᠨᠡᠳᠦᠭᠡᠷ ᠪᠠᠯᠭᠠᠰᠤᠨ ᠤ ᠱᠤᠸᠠᠩ ᠱᠧᠩ ᠲᠣᠰᠬᠤᠨ ᠳᠤ᠂ ᠬᠤᠸᠠᠩ ᠮᠠᠨ ᠯᠢᠶᠠᠩ ᠤᠷᠢᠳ ᠬᠤᠵᠢᠳ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠯᠢᠦ ᠴᠦᠨ ᠹᠦ᠋ ᠪᠣᠯᠤᠨ ᠸᠠᠩ ᠢᠦᠶ ᠵᠧᠨ ᠤ ᠭᠡᠷ ᠢᠶᠠᠷ | ᠬᠦᠷᠴᠦ᠂ ᠲᠡᠳᠡᠨ ᠤ ᠭᠡᠷ ᠪᠦᠯᠢ ᠶᠢᠨ ᠪᠠᠶᠢᠳᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ | ᠂ ᠲᠡᠳᠡᠨ ᠢ ᠪᠡᠶ᠎ᠡ ᠮᠠᠬᠠᠪᠣᠳ ᠢᠶᠠᠨ ᠰᠠᠶᠢᠲᠤᠷ ᠠᠩᠬᠠᠷᠤᠨ᠂ ᠪᠠᠶᠠᠰᠤᠩᠭᠤᠶ ᠰᠡᠳᠬᠢᠯᠭᠡ ᠲᠠᠢ ᠪᠠᠶᠢᠵᠤ᠂ | ᠠᠮᠢᠳᠤᠷᠠᠯ ᠳᠤ ᠢᠳᠡᠪᠬᠢᠲᠡᠶ ᠬᠠᠨᠳᠤᠬᠤ ᠶᠢ ᠵᠣᠷᠢᠭᠵᠢᠭᠤᠯᠬᠤ ᠶᠢᠨ ᠬᠠᠮᠲᠤ ᠣᠷᠣᠯᠭ᠎ᠠ ᠪᠠᠭᠠᠲᠠᠶ ᠣᠯᠠᠨ ᠲᠦᠮᠡᠨ ᠢ | ᠢᠯᠡᠭᠦᠬᠡᠨ ᠬᠠᠯᠠᠮᠵᠢᠯᠠᠵᠤ᠂ ᠲᠡᠳᠡᠨ ᠤ ᠠᠮᠢᠳᠤᠷᠠᠯ ᠤᠨ ᠳᠤᠮᠳᠠᠬᠢ ᠪᠣᠳᠠᠲᠠᠶ ᠬᠦᠴᠢᠷᠳᠡᠯ ᠢ ᠴᠠᠭ ᠲᠤᠬᠠᠶ ᠳᠤᠨᠢ | ᠰᠢᠢᠳᠪᠤᠷᠢᠯᠡᠨ᠂ ᠣᠯᠠᠨ ᠲᠦᠮᠡᠨ ᠢ ᠪᠠᠶᠠᠷ ᠬᠥᠷ ᠲᠠᠢ ᠥᠯᠵᠡᠶ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ | ᠬᠡᠷᠡᠭᠲᠡᠶ ᠭᠡᠵᠦ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠵᠠᠬᠢᠭᠰᠠᠨ ᠪᠠᠶᠢᠨ᠎ᠠ᠃ | ᠨᠡᠳᠦᠭᠡᠷ ᠪᠠᠯᠭᠠᠰᠤᠨ ᠤ ᠵᠢᠩ ᠶᠠᠩ ᠲᠣᠰᠬᠤᠨ ᠤ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ | ᠠᠬᠠᠮᠠᠳ ᠴᠡᠷᠢᠭ ᠶᠢᠨ ᠶᠦᠨ ᠵᠠᠩ ᠤᠨ ᠭᠡᠷ ᠲᠤ᠂ ᠬᠤᠸᠠᠩ ᠮᠠᠨ ᠯᠢᠶᠠᠩ ᠨᠠᠰᠤᠲᠠᠨ ᠤ ᠠᠮᠢᠳᠤᠷᠠᠯ ᠪᠣᠯᠤᠨ ᠪᠡᠶ᠎ᠡ | ᠮᠠᠬᠠᠪᠣᠳ ᠤᠨ ᠪᠠᠶᠢᠳᠠᠯ ᠢ ᠠᠰᠠᠭᠤᠵᠤ᠂ ᠨᠠᠰᠤᠲᠠᠨ ᠤ ᠤᠯᠤᠰ ᠪᠣᠯᠤᠨ ᠠᠷᠠᠳ ᠲᠦᠮᠡᠨ ᠳᠤ ᠦᠵᠡᠭᠦᠯᠦᠭᠰᠡᠨ ᠬᠤᠪᠢ | ᠨᠡᠮᠡᠷᠢ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠬᠦ ᠶᠢᠨ ᠬᠠᠮᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ | ᠬᠤᠸᠠᠩ ᠮᠠᠨ ᠯᠢᠶᠠᠩ᠂ ᠶᠢᠨ ᠶᠦᠨ ᠵᠠᠩ ᠨᠠᠰᠤᠲᠠᠨ ᠤ ᠶᠠᠷᠢᠭᠰᠠᠨ ᠪᠠᠶᠢᠯᠳᠤᠭᠠᠨ ᠤ ᠥᠩᠭᠡᠷᠡᠯᠲᠡ ᠶᠢ ᠨᠠᠷᠢᠨ | ᠬᠢᠨᠠᠮᠠᠭᠠᠶ ᠰᠣᠨᠣᠰᠴᠤ᠂ ᠳᠡᠭᠦᠨ ᠤ ᠶᠡᠷᠡ ᠭᠠᠷᠤᠭᠰᠠᠨ ᠪᠤᠯᠪᠠᠴᠤ ᠪᠡᠶ᠎ᠡ ᠮᠠᠬᠠᠪᠣᠳ ᠡᠷᠡᠭᠦᠯ ᠴᠢᠭᠢᠷᠠᠭ᠂ ᠴᠤᠭ | ᠪᠠᠳᠠᠷᠠᠩᠭᠤᠢ ᠪᠠᠶᠢᠬᠤ ᠶᠢ ᠬᠠᠷᠠᠭᠠᠳ ᠬᠤᠸᠠᠩ ᠮᠠᠨ ᠯᠢᠶᠠᠩ ᠨᠠᠰᠤᠲᠠᠨ ᠢ ᠪᠡᠶ᠎ᠡ ᠪᠠᠨ ᠰᠠᠶᠢᠲᠤᠷ ᠭᠠᠮᠨᠠᠭᠠᠷᠠᠢ ᠭᠡᠵᠦ | ᠵᠠᠬᠢᠭᠰᠠᠨ ᠪᠥᠭᠡᠳ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ ᠠᠬᠠᠮᠠᠳ ᠴᠡᠷᠢᠭ ᠪᠣᠯ ᠤᠯᠤᠰ ᠤᠨ | ᠭᠠᠪᠢᠶᠠᠳᠠᠨ᠂ ᠲᠡᠳᠡᠨ ᠤ ᠠᠮᠢᠳᠤᠷᠠᠯ ᠢ ᠰᠠᠶᠢᠲᠤᠷ ᠬᠠᠷᠠᠭᠠᠯᠵᠠᠬᠤ ᠪᠣᠯ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ | ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠪᠠ ᠡᠭᠦᠷᠭᠡ ᠮᠥᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ | ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠲᠡᠳᠡᠨ ᠢ | ᠥᠲᠡᠯᠦᠭᠡ ᠨᠠᠰᠤ ᠪᠠᠨ ᠠᠮᠤᠷ ᠵᠢᠮᠦᠷ ᠥᠩᠭᠡᠷᠡᠭᠦᠯᠬᠦ ᠬᠡᠷᠡᠭᠲᠡᠢ ᠭᠡᠵᠡᠢ᠃ |