| 1 ᠰᠠᠷ᠎ᠠ ᠶᠢᠨ 17 ᠤ ᠡᠳᠦᠷ᠂ 2025 ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠮᠡᠯ | ᠹᠷᠣᠨᠲ ᠤᠨ ᠴᠠᠭᠠᠨ ᠰᠠᠷ᠎ᠠ ᠶᠢᠨ ᠨᠦᠬᠦᠷᠯᠡᠯ ᠤᠨ ᠬᠤᠷᠠᠯ ᠬᠢᠵᠦ᠂ ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠡᠤ ᠴᠠᠩ | ᠴᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠠ ᠨᠢᠩ᠂ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠶᠣᠣ | ᠵᠢᠶᠧ ᠵᠡᠷᠭᠡ ᠠᠶᠢᠮᠠᠭ ᠬᠤᠰᠢᠭᠤᠨ ᠤ ᠤᠳᠤᠷᠢᠳᠤᠯᠭ᠎ᠠ ᠵᠢᠴᠢ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠡᠯ᠎ᠡ | ᠡᠲᠡᠭᠡᠳ ᠤᠨ 200 ᠭᠠᠷᠤᠶ ᠬᠥᠮᠦᠨ ᠨᠢᠭᠡ ᠲᠠᠩᠬᠢᠮ ᠳᠤ ᠴᠤᠭᠯᠠᠷᠠᠨ᠂ ᠬᠠᠮᠲᠤᠷᠠᠯᠴᠠᠭ᠎ᠠ ᠨᠥᠬᠦᠷᠯᠡᠯ ᠢᠶᠠᠨ | ᠶᠠᠷᠢᠯᠴᠠᠵᠤ᠂ ᠰᠢᠨ᠎ᠡ ᠵᠢᠯ ᠤᠨ ᠬᠥᠭᠵᠢᠯᠲᠡ ᠪᠠᠨ ᠬᠠᠮᠲᠤᠪᠠᠷ ᠶᠠᠷᠢᠯᠴᠠᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠶᠤᠸᠠᠢ ᠰᠥᠩ ᠱᠠᠨ ᠪᠥᠬᠦ ᠬᠤᠰᠢᠭᠤᠨ ᠤ ᠡᠯ᠎ᠡ ᠬᠦᠷᠢᠶᠡᠨ | ᠳᠠᠬᠢ ᠰᠢᠷᠭᠠᠭᠤ ᠬᠠᠲᠠᠭᠤᠵᠢᠯᠲᠠᠶ ᠠᠵᠢᠯᠯᠠᠵᠤ ᠪᠠᠶᠢᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠨᠢᠭᠡᠳᠦᠮᠡᠯ | ᠹᠷᠣᠨᠲ ᠤᠨ ᠡᠯ᠎ᠡ ᠡᠲᠡᠭᠡᠳ ᠤᠨ ᠬᠥᠮᠦᠰ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ | ᠨᠥᠬᠦᠷᠯᠡᠯ ᠤᠨ ᠬᠤᠷᠠᠯ ᠨᠢ ᠳᠦᠷᠪᠡᠨ ᠪᠦᠯᠦᠭ ᠢᠶᠠᠷ ᠪᠦᠷᠢᠯᠳᠦᠵᠦ᠂ ᠥᠷᠭᠡᠨ ᠤᠯᠠᠨ ᠭᠡᠰᠢᠭᠦᠨ ᠤ | ᠣᠷᠣᠯᠴᠠᠭᠰᠠᠨ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠭᠡ᠂ ᠦᠵᠡᠭᠳᠡᠯᠲᠦ ᠵᠦᠴᠦᠭᠡ᠂ ᠰᠢᠯᠦᠭ | ᠤᠶᠠᠩᠭᠠᠯᠠᠯ᠂ ᠭᠠᠩᠭᠠᠩ ᠬᠤᠪᠴᠠᠰᠤᠨ ᠤ ᠦᠵᠡᠭᠦᠯᠭᠡ᠂ ᠮᠤᠷᠢᠨ ᠬᠤᠭᠤᠷ ᠤᠨ ᠨᠠᠶᠢᠷᠠᠯ ᠬᠥᠭᠵᠢᠮ ᠵᠡᠷᠭᠡ ᠭᠤᠶᠢᠳᠠ | ᠰᠠᠶᠢᠬᠠᠨ ᠲᠣᠭᠯᠠᠯᠲᠠ ᠶᠢ ᠵᠠᠯᠭᠠᠭ᠎ᠠ ᠵᠠᠯᠭᠠᠭ᠎ᠠ ᠪᠠᠷ ᠲᠣᠭᠯᠠᠵᠤ᠂ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ | ᠬᠥᠭᠵᠢᠶᠡᠨ ᠢᠶᠠᠷ ᠪᠢᠯᠬᠠᠮ᠎ᠠ ᠪᠠᠶᠢᠯ᠎ᠠ᠃ | ᠠᠵᠢᠯᠯᠠᠭ᠎ᠠ ᠶᠢᠨ ᠳᠤᠮᠳᠠ᠂ ᠤᠯᠠᠨ ᠢᠶᠠᠷ ᠢᠶᠠᠨ ᠪᠠᠰᠠ ᠰᠡᠭᠦᠳᠡᠷ ᠳᠠᠳᠠᠵᠤ ᠲᠤᠷᠠᠰᠬᠠᠯ ᠦᠯᠡᠳᠡᠭᠡᠬᠦ᠂ ᠬᠤᠣᠰ | ᠤᠶᠠᠩᠭ᠎ᠠ ᠪᠢᠴᠢᠬᠦ ᠵᠡᠷᠭᠡ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ᠥᠷᠭᠡᠨ ᠤᠯᠠᠨ ᠨᠢᠭᠡᠳᠦᠮᠡᠯ ᠹᠷᠣᠨᠲ ᠤᠨ | ᠭᠡᠰᠢᠭᠦᠨ ᠪᠠᠶᠠᠷ ᠬᠦᠷ ᠲᠠᠢ ᠥᠯᠵᠡᠢ ᠪᠡᠯᠭᠡ ᠲᠠᠢ ᠠᠭᠤᠷ ᠠᠮᠢᠰᠬᠤᠯ ᠤᠨ ᠳᠤᠮᠳᠠ᠂ ᠰᠡᠳᠬᠢᠯ ᠢᠶᠠᠨ ᠨᠡᠩ ᠨᠢᠭᠡᠳᠬᠡᠨ | ᠂ ᠡᠷᠴᠢ ᠵᠣᠷᠢᠭ ᠢᠶᠠᠨ ᠨᠡᠩ ᠬᠥᠪᠴᠢᠯᠡᠵᠦ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ | ᠪᠠᠲᠤᠳᠬᠠᠨ᠂ ᠬᠥᠮᠦᠰ ᠤᠨ ᠰᠡᠳᠬᠢᠯ ᠢ ᠨᠡᠩ ᠰᠠᠶᠢᠲᠤᠷ ᠨᠢᠭᠲᠠᠷᠠᠭᠤᠯᠵᠤ᠂ ᠨᠢᠭᠡᠳᠦᠮᠡᠯ ᠹᠷᠣᠨᠲ ᠤᠨ ᠡᠯ᠎ᠡ | ᠡᠲᠡᠭᠡᠳ ᠤᠨ ᠬᠥᠮᠦᠰ ᠤᠨ ᠨᠢᠭᠡᠳᠦᠮᠡᠯ ᠹᠷᠣᠨᠲ ᠤᠨ ᠦᠢᠯᠡᠰ ᠤᠨ ᠲᠥᠯᠥᠭᠡ ᠬᠠᠮᠲᠤ ᠪᠠᠷ ᠴᠢᠷᠮᠠᠶᠢᠨ ᠲᠡᠮᠡᠴᠡᠬᠦ | ᠵᠣᠷᠢᠭ ᠪᠠ ᠢᠲᠡᠭᠡᠯ ᠢ ᠬᠥᠭᠵᠢᠭᠡᠵᠡᠢ᠃ | ᠣᠶᠢᠯᠠᠭᠠᠭᠰᠠᠨ ᠢᠶᠠᠷ᠂ ᠥᠩᠭᠡᠷᠡᠭᠰᠡᠨ ᠨᠢᠭᠡ ᠵᠢᠯ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠨᠢᠭᠡᠳᠦᠮᠡᠯ ᠹᠷᠣᠨᠲ ︽135︾ ᠠᠵᠢᠯ ᠤᠨ ᠲᠣᠭᠲᠠᠴᠠ ᠶᠢ ᠪᠠᠶᠢᠭᠤᠯᠵᠤ᠂ ︽ᠪᠢᠴᠢᠭ ᠤᠨ ᠰᠤᠷᠪᠤᠯᠵᠢᠲᠤ ᠤᠯᠤᠰ | ᠲᠥᠷᠥ ᠶᠢᠨ ᠵᠥᠪᠯᠡᠯᠭᠡᠨ︾ ᠤ ᠨᠠᠷᠠᠲᠤ ᠲᠡᠮᠳᠡᠭ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ︽ᠤᠯᠤᠰ | ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ︽ᠤᠯᠤᠰ ᠲᠥᠷᠥ ᠶᠢᠨ ᠵᠥᠪᠯᠡᠯᠭᠡᠨ + ᠵᠠᠰᠠᠭ ᠤᠨ ᠣᠷᠳᠣᠨ︾ | ︽ᠤᠯᠤᠰ ᠲᠥᠷᠥ ᠶᠢᠨ ᠵᠥᠪᠯᠡᠯᠭᠡᠨ + ᠨᠡᠶᠢᠭᠡᠮ ᠤᠨ ᠵᠣᠬᠢᠶᠠᠨ ᠪᠠᠶᠢᠭᠤᠯᠤᠯᠲᠠ︾ ᠶᠢᠨ ︽ᠤᠯᠤᠰ ᠲᠥᠷᠥ ᠶᠢᠨ | ᠵᠥᠪᠯᠡᠯᠭᠡᠨ + N︾ ᠵᠥᠪᠯᠡᠯᠭᠡᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠨᠢᠭᠡᠳᠦᠮᠡᠯ ᠹᠷᠣᠨᠲ ᠤᠨ ᠠᠵᠢᠯ ᠤᠨ | ᠰᠢᠨ᠎ᠡ ᠪᠠᠶᠢᠳᠠᠯ ᠢ ᠡᠭᠦᠳᠴᠦ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠠᠬᠢᠴᠠ ᠲᠠᠢ | ᠪᠣᠯᠬᠤ ᠳᠤ ᠬᠦᠴᠦᠨ ᠨᠡᠮᠡᠷᠢᠯᠡᠪᠡ᠃ |