ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠬᠦᠨᠳᠦ ᠲᠤᠮᠤ ᠡ᠊ᠨᠳᠡᠯ ᠤᠨ ᠬᠡᠮ ᠰᠣᠭᠤᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/1/21
     1 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠬᠦᠨᠳᠦ ᠲᠤᠮᠤ ᠡ᠊ᠨᠳᠡᠯ ᠤᠨ ᠬᠡᠮ ᠰᠣᠭᠤᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠢᠵᠦ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠶᠤᠯᠲᠠᠶ ᠬᠢᠮᠢ ᠶᠢᠨ ᠪᠤᠳᠠᠰ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠ ᠡᠯ᠎ᠡ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠠᠵᠤ ᠠᠬᠤᠶᠢᠯᠠᠯ᠂ ᠫᠤᠤᠵᠢᠩ ᠤᠨ ᠲᠦᠷᠦᠯ ᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠯᠢ ᠭᠤᠸᠠᠩ ᠬᠤᠷᠠᠯ ᠢ ᠡᠷᠭᠢᠯᠡᠪᠡ᠃    ᠬᠤᠷᠠᠯ ᠳᠡᠭᠡᠷ᠎ᠡ ᠡᠩ ᠲᠡᠷᠢᠭᠦᠨ ᠳᠤ᠂ ᠲᠤᠰᠬᠠᠶ ᠮᠡᠷᠭᠡᠵᠢᠯᠲᠡᠨ ᠠᠴᠠ ᠲᠤᠰ ᠲᠤᠰ ︽ᠫᠤᠤᠵᠢᠩ ᠤᠨ ᠲᠦᠷᠦᠯ  ᠤᠨ ᠦᠢᠯᠡᠳᠪᠦᠷᠢᠯᠡᠵᠦ ᠡᠵᠡᠩᠨᠡᠬᠦ ᠨᠢᠭᠡᠴᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠲᠤᠮᠤ ᠡ᠊ᠨᠳᠡᠯ ᠤᠨ ᠳᠠᠯᠳᠠ ᠭᠡᠮ ᠢ ᠮᠠᠭᠠᠳᠯᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︽ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠠᠵᠤ ᠦᠢᠯᠡᠳᠪᠦᠷᠢ ᠪᠣᠯᠤᠨ ᠠᠶᠤᠯᠲᠠᠶ ᠬᠢᠮᠢ ᠶᠢᠨ ᠪᠣᠳᠠᠰ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠲᠤᠮᠤ ᠡ᠊ᠨᠳᠡᠯ ᠤᠨ ᠳᠠᠯᠳᠠ ᠭᠡᠮ ᠢ ᠮᠠᠭᠠᠳᠯᠠᠬᠤ ᠪᠠᠷᠢᠮᠵᠢᠶ᠎ᠠ︾ ᠳᠤ ᠲᠠᠶᠢᠯᠤᠮᠵᠢ ᠬᠢᠪᠠ᠃     ᠳᠠᠷᠠᠭ᠎ᠠ ᠳᠤᠨᠢ᠂ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠠᠵᠤ ᠦᠢᠯᠡᠳᠪᠤᠷᠢ ᠪᠠ ᠫᠤᠤᠵᠢᠩ  ᠤᠨ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭᠠᠲᠠᠨ ᠨᠥᠬᠦᠳ ᠭᠤᠷᠪᠠᠨ ᠵᠦᠢᠯ ᠤᠨ ᠠᠵᠢᠯ ᠤᠨ ᠰᠠᠨᠠᠭᠤᠯᠤᠮᠵᠢ ᠭᠠᠷᠭᠠᠵᠠᠶ᠂ ᠨᠢᠭᠡ ᠳᠤ 2025 ᠣᠨ ᠤ ᠡᠬᠢ ᠪᠠᠷ ᠡᠯ᠎ᠡ ᠲᠥᠷᠥᠯ ᠤᠨ ᠲᠥᠰᠦᠯ ᠲᠥᠯᠥᠪᠯᠡᠭᠡ ᠶᠢ ᠰᠠᠶᠢᠲᠤᠷ ᠬᠢᠵᠦ᠂ ᠡᠯ᠎ᠡ ᠲᠥᠷᠥᠯ ᠤᠨ ᠲᠦᠷᠢᠮ ᠢ ᠲᠡᠭᠦᠯᠳᠡᠷᠵᠢᠭᠦᠯᠦᠨ᠂ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠳᠤ ᠵᠠᠰᠠᠪᠤᠷᠢ ᠣᠷᠣᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠬᠤᠶᠠᠷ ᠲᠤ ᠮᠡᠳᠡᠭᠳᠡᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠬᠤ ᠪᠤᠳᠠᠰ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ ᠲᠠᠪᠴᠠᠩ ᠤᠨ  ᠠᠶᠤᠯᠭᠦᠢ ᠦᠢᠯᠡᠳᠪᠤᠷᠢᠯᠡᠯ ᠤᠨ ᠰᠦᠯᠵᠢᠶᠡᠨ ᠳᠡᠭᠡᠷᠡᠬᠢ ᠬᠢᠨᠠᠨ ᠬᠠᠮᠢᠶᠠᠷᠬᠤ ᠰᠢᠰᠲ᠋ᠧᠮ᠂ ᠠᠶᠤᠯᠲᠠᠶ ᠬᠢᠮᠢ ᠶᠢᠨ ᠪᠣᠳᠠᠰ ᠤᠨ ᠡᠵᠡᠩᠨᠡᠯᠲᠡ ᠶᠢᠨ ᠠᠮᠤᠷ ᠲᠦᠪᠰᠢᠨ ᠤ ᠬᠢᠨᠠᠨ ᠬᠠᠮᠢᠶᠠᠷᠬᠤ ᠰᠢᠰᠲ᠋ᠧᠮ ᠤᠨ ᠬᠠᠮᠢᠶ᠎ᠠ ᠪᠥᠬᠦᠶ ᠠᠭᠤᠯᠭ᠎ᠠ ᠶᠢ ᠳᠡᠭᠦᠯᠳᠡᠷᠵᠢᠭᠦᠯᠬᠦ ᠬᠡᠷᠡᠭᠳᠡᠢ᠃ ᠭᠤᠷᠪᠠ ᠳᠤ ᠳᠣᠷᠣᠭᠰᠢ ᠲᠠᠷᠬᠠᠭᠠᠭᠰᠠᠨ ᠡᠯ᠎ᠡ ᠱᠠᠲᠤᠨ ᠤ ᠡᠯ᠎ᠡ ᠲᠦᠷᠦᠯ ᠤᠨ ᠪᠢᠴᠢᠭ ᠮᠠᠲ᠋ᠧᠷᠢᠶᠠᠯ ᠢ ᠰᠤᠷᠤᠯᠴᠠᠵᠤ᠂ ᠠᠵᠢᠯ ᠤᠨ ᠭᠤᠣᠯᠳᠠᠯᠭ᠎ᠠ ᠪᠠᠨ ᠰᠠᠶᠢᠲᠤᠷ ᠡᠵᠡᠮᠳᠡᠬᠦ ᠬᠡᠷᠡᠭᠲᠡᠶ ᠭᠡᠵᠡᠢ᠃    ᠬᠤᠷᠠᠯ ᠤᠨ ᠡᠴᠦᠰ ᠲᠤ᠂ ᠲᠣᠪᠴᠢᠶᠠᠨ ᠳᠠᠷᠤᠭ᠎ᠠ ᠯᠢ ᠭᠤᠸᠠᠩ ᠡᠯ᠎ᠡ ᠠᠵᠤ ᠠᠬᠤᠶᠢᠯᠠᠯ ᠤᠨ 2024 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠠᠮᠵᠢᠯᠲᠠ ᠶᠢ ᠨᠤᠲᠠᠯᠠᠵᠤ᠂ ᠡᠯ᠎ᠡ ᠠᠵᠤ ᠠᠬᠤᠶᠢᠯᠠᠯ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠬᠤ ᠶᠢ ᠵᠣᠷᠢᠭᠵᠢᠭᠤᠯᠤᠨ᠂ 2025 ᠣᠨ ᠳᠤ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠦᠷᠭᠦᠯᠵᠢᠯᠡᠨ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠡᠯ᠎ᠡ ᠠᠵᠤ ᠠᠬᠤᠶᠢᠯᠠᠯ ᠤᠨ ᠵᠢᠯ ᠤᠨ ᠡᠴᠦᠰ ᠵᠢᠯ ᠤᠨ ᠡᠬᠢᠨ ᠳᠤ ᠳᠣᠣᠷᠠᠬᠢ ᠬᠡᠳᠦᠨ ᠵᠦᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠵᠠᠢ᠄ ᠨᠢᠭᠡ ᠳᠤ᠂ ᠡᠯ᠎ᠡ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠠᠴᠠ ᠨᠢᠭᠡ ᠤᠳᠠᠭᠠᠨ ᠤ ᠬᠦᠨᠳᠦ ᠶᠡᠭᠡ ᠡ᠊ᠨᠳᠡᠯ ᠤᠨ ᠭᠡᠮ ᠰᠣᠭᠤᠭ ᠢ ᠮᠠᠭᠠᠳᠯᠠᠬᠤ ᠪᠠᠷᠢᠮᠵᠢᠶ᠎ᠠ ᠶᠢ ᠰᠤᠷᠤᠯᠴᠠᠵᠤ ᠤᠬᠠᠭᠤᠯᠤᠨ  ᠲᠤᠭᠤᠰᠢᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠬᠡᠷᠡᠭᠲᠡᠢ᠃ ᠬᠤᠶᠠᠷ ᠲᠤ ᠬᠦᠨᠳᠦ ᠶᠡᠭᠡ ᠡ᠊ᠨᠳᠡᠯ ᠤᠨ ᠬᠡᠮ ᠰᠣᠭᠤᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠳᠠᠷᠤᠶ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠭᠤᠷᠪᠠ ᠳᠤ᠂ ︽ᠪᠥᠬᠦ ᠬᠤᠰᠢᠭᠤᠨ ᠤ ᠡᠨᠡ ᠡᠪᠦᠯ ᠢᠷᠡᠬᠦ ᠬᠠᠪᠤᠷ ᠤᠨ ᠠᠶᠤᠯᠭᠦᠶ ᠦᠢᠯᠡᠳᠪᠤᠷᠢᠯᠡᠯ ᠪᠠ ᠪᠠᠶᠢᠭᠠᠯᠢ ᠶᠢᠨ ᠭᠠᠶ ᠭᠠᠮᠰᠢᠭ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ︾ ᠤᠨ ᠠᠭᠤᠯᠭ᠎ᠠ ᠶᠢ ᠦᠨᠳᠦᠰᠦᠯᠡᠵᠦ᠂ ᠵᠢᠯ ᠤᠨ ᠡᠴᠦᠰ ᠵᠢᠯ ᠤᠨ ᠡᠬᠢᠨ ᠤ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠠᠵᠤ ᠠᠬᠤᠶᠢᠯᠠᠯ ᠤᠨ ᠠᠶᠤᠯᠭᠦᠢ ᠦᠢᠯᠡᠳᠪᠤᠷᠢᠯᠡᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠲᠠᠢ ᠤᠶᠠᠯᠳᠤᠭᠤᠯᠤᠨ ᠂ ᠫᠤᠤᠵᠢᠩ ᠤᠨ ᠲᠦᠷᠦᠯ ᠤᠨ ᠡᠵᠡᠩᠨᠡᠯᠲᠡ ᠶᠢᠨ ᠬᠥᠭᠵᠢᠯᠲᠡᠶ ᠤᠯᠠᠷᠢᠯ ᠤᠨ ᠠᠵᠢᠯ ᠤᠨ ᠣᠨᠴᠠᠯᠢᠭ ᠲᠠᠢ ᠨᠢᠭᠲᠠ ᠤᠶᠠᠯᠳᠤᠭᠤᠯᠵᠤ᠂ ᠡᠯ᠎ᠡ ᠠᠵᠤ ᠠᠬᠤᠶᠢᠯᠠᠯ ᠤᠳ ᠠᠶᠤᠯᠭᠦᠢ ᠦᠢᠯᠡᠳᠪᠤᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号