| 1 ᠰᠠᠷ᠎ᠠ ᠶᠢᠨ 20 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2025 ᠣᠨ ᠤ ᠪᠥᠬᠦ | ᠬᠤᠰᠢᠭᠤᠨ ᠤ ᠨᠢᠭᠡᠳᠦᠭᠡᠷ ᠤᠯᠠᠷᠢᠯ ᠤᠨ ᠠᠶᠤᠯᠭᠦᠶ ᠦᠢᠯᠡᠳᠪᠤᠷᠢᠯᠡᠯ ᠤᠨ ᠵᠥᠪᠯᠡᠯ ᠤᠨ ᠬᠤᠷᠠᠯ ᠵᠢᠴᠢ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠲᠤᠰᠬᠠᠶ | ᠠᠵᠢᠯᠯᠠᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠡᠬᠢᠯᠡᠯᠲᠡ ᠶᠢᠨ ᠬᠤᠷᠠᠯ ᠬᠢᠪᠠ᠃ ᠬᠤᠷᠠᠯ ᠠᠴᠠ ᠪᠥᠬᠦ | ᠤᠯᠤᠰ ᠤᠨ ᠠᠶᠤᠯᠭᠦᠶ ᠦᠢᠯᠡᠳᠪᠤᠷᠢᠯᠡᠯ ᠤᠨ ᠲᠧᠯᠸᠢᠰ ᠤᠲᠠᠰᠤᠳᠤ ᠬᠤᠷᠠᠯ᠂ ᠤᠷᠤᠨ᠂ ᠠᠶᠢᠮᠠᠭ ᠤᠨ ᠠᠶᠤᠯᠭᠦᠶ | ᠦᠢᠯᠡᠳᠪᠤᠷᠢᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ | ᠬᠤᠰᠢᠭᠤᠨ ᠤ ᠣᠳᠣᠬᠠᠨ ᠤ ᠠᠶᠤᠯᠭᠦᠶ ᠦᠢᠯᠡᠳᠪᠤᠷᠢᠯᠡᠯ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ | ᠬᠤᠷᠠᠯ ᠳᠤ ᠣᠷᠣᠯᠴᠠᠵᠠᠶ᠃ | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠴᠠᠭᠠᠨ ᠰᠠᠷ᠎ᠠ ᠶᠢᠨ ᠬᠤᠭᠤᠴᠠᠭᠠᠨ ᠳᠠᠬᠢ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠠᠲᠤ ᠪᠤᠢ ᠪᠣᠯᠭᠠᠨ᠂ ᠤᠯᠤᠰ ᠲᠦᠷᠦ ᠶᠢᠨ ᠤᠬᠠᠮᠰᠠᠷ᠂ ᠶᠡᠭᠡ | ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠤᠨ ᠲᠠᠯ᠎ᠠ ᠳᠤ ᠨᠢᠭᠡᠳᠦᠯᠲᠡᠢ ᠪᠠᠶᠢᠵᠤ᠂ ᠴᠠᠭ ᠢᠮᠠᠭᠲᠠ | ᠰᠡᠷᠭᠡᠭ ᠪᠠᠶᠢᠬᠤ ᠬᠡᠷᠡᠭᠲᠡᠢ᠂ ᠥᠴᠦᠬᠡᠨ ᠴᠦ ᠮᠢᠨᠴᠦᠭᠦᠷᠡᠨ ᠲᠠᠶᠢᠪᠤᠰᠢᠷᠠᠵᠤ ᠪᠣᠯᠬᠤ ᠦᠭᠡᠢ᠃ ᠴᠠᠭᠠᠨ ᠰᠠᠷ᠎ᠠ ᠶᠢᠨ | ᠬᠤᠭᠤᠴᠠᠭᠠᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠥᠪᠯᠡᠷᠡᠭᠦᠯᠦᠨ ᠪᠠᠶᠢᠴᠠᠭᠠᠬᠤ ᠲᠤᠰᠬᠠᠶ | ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠲᠥᠪᠯᠡᠷᠡᠭᠦᠯᠦᠨ ᠪᠠᠶᠢᠴᠠᠭᠠᠬᠤ ᠪᠠᠶᠢᠭᠤᠯᠭ᠎ᠠ ᠨᠢᠭᠡᠴᠢ ᠶᠢᠨ ᠳᠠᠭᠠᠭᠠᠴᠢᠯᠠᠨ ᠬᠤᠯᠪᠣᠭᠠᠯᠠᠬᠤ ᠠᠵᠢᠯ ᠢ ᠦᠷᠭᠦᠯᠵᠢᠯᠡᠨ | ᠵᠣᠬᠢᠶᠠᠨ ᠪᠠᠶᠢᠭᠤᠯᠤᠨ ᠥᠷᠨᠢᠭᠦᠯᠵᠦ᠂ 3 — 5 ᠡᠳᠦᠷ ᠤᠨ ᠴᠠᠭ ᠢ ᠠᠰᠢᠭᠯᠠᠵᠤ᠂ ᠪᠥᠬᠦ ᠬᠤᠰᠢᠭᠤᠨ ᠤ ᠡᠯ᠎ᠡ | ᠭᠠᠵᠠᠷ ᠡᠯ᠎ᠡ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ᠂ ᠨᠡᠶᠢᠭᠡᠮ ᠲᠣᠭᠤᠷᠢᠭ᠂ | ᠬᠤᠳᠠᠯᠳᠤᠭᠠᠴᠢᠨ ᠡᠷᠦᠬᠡ ᠪᠠᠷ ᠭᠦᠨᠵᠡᠭᠡᠶᠢᠷᠡᠵᠦ᠂ 1 — 2 ᠡᠭᠡᠯᠵᠢ ᠶᠢᠨ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠲᠥᠪᠯᠡᠷᠡᠩᠭᠦᠶ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠬᠦ ᠬᠡᠷᠡᠭᠲᠡᠶ᠃ ᠵᠠᠮ | ᠬᠠᠷᠢᠯᠴᠠᠭ᠎ᠠ᠂ ᠫᠤᠤᠵᠢᠩ ᠤᠨ ᠲᠦᠷᠦᠯ᠂ ᠵᠢᠭᠤᠯᠴᠢᠯᠠᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ | ᠠᠶᠤᠯᠲᠠᠶ ᠬᠢᠮᠢ ᠶᠢᠨ ᠲᠡᠭᠡᠭᠡᠪᠦᠷᠢ ᠶᠢᠨ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ | ᠠᠵᠢᠯ ᠢ ᠪᠥᠬᠦ ᠲᠠᠯ᠎ᠠ ᠪᠠᠷ ᠴᠢᠩᠭᠠᠷᠠᠭᠤᠯᠤᠨ᠂ 24 ᠴᠠᠭ ᠢᠶᠠᠷ ᠤᠳᠤᠷᠢᠳᠤᠯᠭ᠎ᠠ ᠡᠭᠡᠯᠵᠢ ᠳᠠᠭᠠᠭᠤᠯᠬᠤ ᠪᠠ ᠲᠤᠰᠬᠠᠶ | ᠬᠥᠮᠦᠨ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ | ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡ ᠶᠢ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠤᠨ᠂ ᠠᠶᠤᠯᠭᠦᠢ ᠦᠢᠯᠡᠳᠪᠤᠷᠢᠯᠡᠯ ᠤᠨ ᠪᠠᠶᠢᠴᠠᠭᠠᠯᠲᠠ ᠶᠢᠨ ᠥᠨᠳᠥᠷ ᠳᠠᠷᠤᠯᠲᠠᠲᠤ ᠪᠠᠶᠢᠳᠠᠯ ᠢ ᠪᠣᠶ | ᠪᠣᠯᠭᠠᠵᠤ᠂ ᠪᠥᠬᠦ ᠨᠡᠶᠢᠭᠡᠮ ᠳᠤ ᠠᠮᠤᠷ ᠲᠦᠪᠰᠢᠨ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠬᠤᠰᠢᠭᠤᠨ ᠤ ᠠᠶᠤᠯᠭᠦᠶ ᠦᠢᠯᠡᠳᠪᠤᠷᠢᠯᠡᠯ ᠤᠨ ᠪᠠᠶᠢᠳᠠᠯ ᠪᠣᠯᠤᠨ 2024 ᠣᠨ ᠤ ᠭᠠᠯ | ᠰᠡᠷᠭᠡᠶᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠭᠠᠯ | ᠰᠡᠷᠭᠡᠶᠢᠯᠡᠵᠦ ᠤᠨᠳᠠᠷᠠᠭᠠᠬᠤ ᠠᠮᠤᠷ ᠲᠦᠪᠰᠢᠨ ᠤ ᠲᠥᠪᠯᠡᠷᠡᠭᠦᠯᠦᠨ ᠪᠠᠶᠢᠴᠠᠭᠠᠬᠤ ᠪᠠ ᠳᠠᠭᠠᠭᠠᠴᠢᠯᠠᠨ ᠬᠤᠯᠪᠣᠭᠠᠯᠠᠬᠤ | ᠠᠵᠢᠯ ᠤᠨ ᠡᠭᠦᠷᠭᠡ ᠵᠢᠴᠢ ᠲᠠᠷᠠᠭᠠᠴᠢ ᠶᠢᠨ ᠠᠯᠬᠤᠮ ᠤᠨ ᠭᠠᠯ ᠰᠡᠷᠭᠡᠶᠢᠯᠡᠬᠦ ᠭᠤᠤᠯᠳᠠᠯᠭ᠎ᠠ ᠲᠠᠢ ᠠᠵᠢᠯ ᠢ | ᠪᠠᠶᠢᠷᠢᠯᠠᠭᠤᠯᠵᠠᠶ᠃ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ | ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠠᠶᠤᠯᠭᠦᠶ | ᠦᠢᠯᠡᠳᠪᠤᠷᠢᠯᠡᠯ ᠤᠨ ᠵᠥᠪᠯᠡᠯ ᠤᠨ ᠭᠡᠰᠢᠭᠦᠨ ᠨᠢᠭᠡᠴᠢ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ |