ᠳᠡᠪᠰᠡᠭ ᠪᠠᠯᠭᠠᠰᠤ ︽ᠰᠤᠷᠪᠤᠯᠵᠢᠯᠠᠬᠤ ᠬᠠᠮᠢᠶᠠᠷᠬᠤ ᠵᠠᠰᠠᠬᠤ ᠤᠬᠠᠭᠤᠯᠬᠤ︾ ᠪᠠᠷ ᠠᠷᠠᠳ ᠤᠯᠠᠨ ᠤ ᠠᠮᠤᠷ ᠲᠦᠪᠰᠢᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/1/23
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠪᠠᠯᠭᠠᠰᠤᠨ ᠤ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠤᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠦᠯᠦᠭᠡ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠳᠡᠪᠰᠡᠭ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤᠷᠢᠳᠴᠢᠯᠠᠨ ᠲᠥᠯᠥᠪᠵᠢᠭᠦᠯᠵᠦ᠂ ᠲᠦᠷᠭᠡᠨ ᠪᠠᠶᠢᠷᠢᠰᠢᠭᠤᠯᠵᠤ᠂ ᠶᠡᠷᠦᠩᠬᠡᠶᠢᠯᠡᠨ ᠵᠠᠰᠠᠬᠤ ᠠᠯᠪᠠᠨ ᠭᠡᠷ ᠢᠶᠠᠷ ᠲᠦᠷᠦᠭᠦᠯᠡᠭᠦᠯᠦᠨ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠠᠷᠠᠳ ᠤᠨ ᠶᠠᠪᠤᠳᠠᠯ᠂ ᠡᠮᠡᠭᠲᠡᠶᠢᠴᠦᠳ ᠤᠨ ᠬᠤᠯᠪᠣᠭ᠎ᠠ᠂ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠤᠯᠠᠨ ᠲᠠᠯ᠎ᠠ ᠪᠠᠷ ᠬᠤᠯᠪᠣᠭᠠᠯᠠᠭᠤᠯᠵᠤ᠂ ᠬᠠᠷᠢᠶ᠎ᠠ ᠣᠷᠣᠨ ᠤ ᠪᠠᠨ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠭᠠᠵᠠᠷ᠂ ᠭᠤᠣᠯᠳᠠᠯᠭ᠎ᠠ ᠲᠠᠢ ᠲᠠᠯᠠᠪᠤᠷ ᠢ ᠴᠢᠩᠭ᠎ᠠ ᠠᠩᠬᠠᠷᠴᠤ᠂ ︽ᠰᠤᠷᠪᠤᠯᠵᠢᠯᠠᠬᠤ︾ ᠪᠠᠷ ᠪᠠᠶᠢᠴᠠᠭᠠᠨ ᠡᠵᠡᠮᠳᠡᠬᠦ᠂ ︽ᠬᠠᠮᠢᠶᠠᠷᠬᠤ︾ ᠪᠠᠷ ᠵᠠᠰᠠᠬᠤ ᠶᠢ ᠠᠬᠢᠭᠤᠯᠬᠤ᠂ ︽ᠵᠠᠰᠠᠬᠤ︾ ᠪᠠᠷ ᠠᠶᠤᠯ ᠢ ᠠᠷᠢᠯᠭᠠᠬᠤ᠂ ︽ᠤᠬᠠᠭᠤᠯᠬᠤ︾ ᠪᠠᠷ ᠰᠦᠷ ᠬᠦᠴᠦᠨ ᠢ ᠪᠠᠳᠠᠷᠠᠭᠤᠯᠬᠤ ᠶᠢ ᠪᠠᠷᠢᠮᠳᠠᠯᠠᠵᠤ᠂ ᠮᠠᠯᠴᠢᠨ ᠲᠠᠷᠢᠶᠠᠴᠢᠨ ᠲᠠᠢ ᠭᠠᠷ ᠬᠤᠯᠪᠣᠨ ᠪᠠᠶᠠᠷ ᠤᠨ ᠡᠳᠦᠷ ᠠᠴᠠ ᠡᠮᠦᠨᠡᠬᠢ ᠠᠮᠤᠷ ᠠᠮᠤᠭᠤᠯᠠᠩ ᠤᠨ ᠪᠣᠭᠤᠮᠲᠠ ᠶᠢ ᠪᠠᠲᠤ ᠰᠠᠬᠢᠨ᠎ᠠ᠃   ︽ᠰᠤᠷᠪᠤᠯᠵᠢᠯᠠᠬᠤ︾ ᠠᠵᠢᠯᠯᠠᠭ᠎ᠠ ᠦᠷᠨᠢᠭᠦᠯᠦᠨ ᠠᠮᠤᠷ ᠠᠮᠤᠭᠤᠯᠠᠩ ᠢ ᠪᠦᠬᠦ ᠲᠠᠯ᠎ᠠ ᠪᠠᠷ ᠰᠠᠬᠢᠨ ᠬᠠᠮᠠᠭᠠᠯᠠᠨ᠎ᠠ᠃ ᠬᠠᠷᠢᠶ᠎ᠠ ᠣᠷᠣᠨ ᠤ ᠳᠣᠲᠣᠷᠠᠬᠢ ᠭᠤᠤᠯᠳᠠᠯᠭ᠎ᠠ ᠲᠠᠢ ᠬᠥᠮᠦᠰ ᠲᠤ ᠴᠢᠭᠯᠡᠭᠦᠯᠦᠨ᠂ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠵᠤ᠂ ᠭᠤᠤᠯᠳᠠᠯᠭ᠎ᠠ ᠲᠠᠢ ᠬᠥᠮᠦᠰ ᠤᠨ ᠦᠵᠡᠯ ᠰᠠᠨᠠᠭᠠᠨ ᠤ ᠬᠥᠳᠡᠯᠦᠯ ᠪᠠᠶᠢᠳᠠᠯ ᠪᠠ ᠠᠮᠢᠳᠤᠷᠠᠯ ᠤᠨ ᠣᠶᠢᠷ᠎ᠠ ᠶᠢᠨ ᠪᠠᠶᠢᠳᠠᠯ ᠢ ᠤᠶᠢᠯᠠᠭᠠᠨ᠂ ᠬᠡᠷ ᠪᠦᠯᠢ ᠶᠢᠨ ᠬᠢᠨ ᠲᠠᠢ ᠨᠢ ᠨᠢᠭᠤᠷᠲᠠᠨ ᠰᠠᠨᠠᠯ ᠢᠶᠠᠨ ᠰᠣᠯᠢᠯᠴᠠᠬᠤ ᠶᠢᠨ ᠬᠠᠮᠲᠤ᠂ ᠬᠡᠷᠪᠡ ᠬᠦᠴᠢᠷᠳᠡᠯ ᠳᠤ ᠲᠤᠯᠭᠠᠷᠠᠪᠠᠯ ᠴᠠᠭ ᠲᠤᠬᠠᠶ ᠳᠤᠨᠢ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠲᠤᠰᠠᠯᠠᠮᠵᠢ ᠭᠤᠶᠤᠴᠢᠯᠠᠵᠤ ᠪᠣᠯᠬᠤ ᠶᠢ ᠮᠡᠳᠡᠭᠳᠡᠪᠡ᠃ ᠡᠭᠦᠨ ᠤ ᠬᠠᠮᠳᠤ ᠭᠤᠣᠯᠳᠠᠯᠭ᠎ᠠ ᠲᠠᠢ ᠬᠥᠮᠦᠰ ᠲᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠠ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠬᠢᠵᠦ᠂ ᠲᠡᠳᠡᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠤᠬᠠᠮᠰᠠᠷ ᠢ ᠨᠢ ᠴᠢᠩᠭᠠᠷᠠᠭᠤᠯᠵᠤ᠂ ᠡᠶ᠎ᠡ ᠵᠣᠬᠢᠴᠠᠯ ᠦᠭᠡᠢ᠂ ᠲᠣᠭᠲᠠᠭᠤᠨ ᠪᠤᠰᠤ ᠬᠦᠴᠦᠨ ᠵᠦᠢᠯ ᠢ ᠪᠦᠲᠦᠮᠵᠢᠲᠡᠶ ᠪᠠᠷ ᠠᠷᠢᠯᠭᠠᠭᠰᠠᠨ ᠪᠠᠶᠢᠨ᠎ᠠ᠃    ᠬᠠᠮᠢᠶᠠᠷᠤᠯᠳᠠ ᠪᠠᠨ ᠴᠢᠩᠭᠠᠳᠬᠠᠵᠤ ᠠᠶᠤᠯ ᠲᠦᠭᠰᠢᠭᠦᠷᠢ ᠶᠢ ᠠᠷᠢᠯᠭᠠᠨ᠎ᠠ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠶᠠᠪᠤᠳᠠᠯ ᠢ ᠴᠢᠩᠭ᠎ᠠ ᠠᠩᠬᠠᠷᠴᠤ᠂ ︽ᠰᠤᠷᠪᠤᠯᠵᠢᠯᠠᠬᠤ᠂ ᠬᠠᠮᠢᠶᠠᠷᠬᠤ᠂ ᠵᠠᠰᠠᠬᠤ᠂ ᠤᠬᠠᠭᠤᠯᠬᠤ︾ ᠠᠵᠢᠯ ᠤᠨ ᠶᠠᠪᠤᠴᠠ ᠶᠢ ᠬᠡᠷᠡᠭᠵᠢᠭᠦᠯᠵᠦ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠲᠠᠢ ᠬᠠᠮᠳᠤᠷᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠦᠴᠦᠨ ᠢ ᠳᠠᠶᠢᠴᠢᠯᠠᠵᠤ᠂ ᠬᠤᠯᠪᠣᠭᠠᠯᠠᠨ ᠬᠥᠳᠡᠯᠦᠯᠴᠡᠬᠦ ᠲᠣᠭᠲᠠᠴᠠ᠂ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢᠨ ᠰᠢᠰᠲ᠋ᠧᠮ ᠳᠤ ᠲᠦᠰᠢᠭᠯᠡᠨ᠂ ︽ᠤᠷᠢᠳᠴᠢᠯᠠᠨ ᠰᠡᠷᠭᠡᠶᠢᠯᠡᠬᠦ ᠶᠢ ᠵᠢᠭᠰᠠᠭᠠᠨ ᠪᠠᠶᠢᠴᠠᠭᠠᠬᠤ ᠠᠴᠠ ᠡᠮᠦᠨ᠎ᠡ ᠬᠢᠵᠦ᠂ ᠵᠢᠭᠰᠠᠭᠠᠨ ᠪᠠᠶᠢᠴᠠᠭᠠᠬᠤ ᠶᠢ ᠡᠶᠡᠳᠡᠭᠦᠯᠬᠦ ᠠᠴᠠ ᠡᠮᠦᠨ᠎ᠡ ᠬᠢᠵᠤ᠂ ᠡᠶᠡᠳᠡᠭᠦᠯᠬᠦ ᠶᠢ ᠬᠡᠷᠡᠭ ᠬᠤᠷᠴᠠᠳᠬᠤ ᠠᠴᠠ ᠡᠮᠦᠨ᠎ᠡ ᠬᠢᠬᠦ︾ ᠠᠵᠢᠯ ᠤᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠨᠠᠮᠳᠠᠭᠤᠯᠬᠤ᠂ ᠲᠣᠭᠲᠠᠭᠤᠨ ᠢᠶᠠᠷ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠷᠲᠡ ᠢᠯᠡᠷᠡᠭᠦᠯᠵᠦ᠂ ᠡᠷᠲᠡ ᠰᠡᠷᠭᠡᠶᠢᠯᠡᠵᠦ᠂ ᠡᠷᠲᠡ ᠠᠷᠢᠯᠭᠠᠵᠤ᠂ ᠡᠷᠲᠡ ᠰᠢᠢᠳᠪᠤᠷᠢᠯᠡᠬᠦ ᠶᠢ ᠦᠨᠡᠨ ᠬᠦ ᠪᠠᠲᠤᠯᠠᠪᠠ᠃    ︽ᠵᠠᠰᠠᠬᠤ︾ ᠪᠠᠷ ᠭᠤᠤᠯ ᠪᠤᠯᠭᠠᠨ ᠭᠡᠮ ᠰᠣᠭᠤᠭ ᠢ ᠪᠦᠬᠦ ᠲᠠᠯ᠎ᠠ ᠪᠠᠷ ᠠᠷᠢᠯᠭᠠᠨ᠎ᠠ᠃ ᠭᠤᠤᠯᠳᠠᠯᠭ᠎ᠠ ᠲᠠᠢ ᠴᠡᠭᠴᠡᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠶᠢᠰᠦᠨ ᠪᠠᠭ᠎ᠠ︾ ᠲᠠᠯᠠᠪᠤᠷ ᠭᠠᠵᠠᠷ᠂ ᠵᠣᠴᠢᠳ ᠤᠨ ᠪᠠᠭᠤᠳᠠᠯ᠂ ᠲᠦᠷᠢᠶᠡᠰᠦᠨ ᠬᠡᠷ ᠪᠠᠶᠢᠰᠢᠩ᠂ ᠵᠤᠭ᠎ᠠ ᠴᠡᠩᠭᠡᠯ ᠤᠨ ᠲᠠᠯᠠᠪᠤᠷ ᠭᠠᠵᠠᠷ᠂ ᠠᠶᠤᠯ ᠲᠦᠭᠰᠢᠭᠦᠷᠢ ᠪᠠ ᠳᠡᠯᠪᠡᠷᠡᠯᠲᠡ ᠳᠤ ᠬᠤᠯᠪᠣᠭᠳᠠᠭᠰᠠᠨ ᠪᠠᠶᠢᠭᠤᠯᠭ᠎ᠠ ᠨᠢᠭᠡᠴᠢ᠂ ᠲᠦᠷᠭᠡᠨ ᠬᠦᠷᠭᠡᠯᠳᠡ ᠪᠠᠷᠠᠭᠠᠨ ᠤ ᠭᠦᠢᠯᠭᠡᠭᠡ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠲᠣᠭᠤᠷᠢᠨ ᠳᠤ᠂ ᠲᠥᠪᠯᠡᠷᠡᠩᠭᠦᠶ ᠨᠢᠭᠡᠳᠦᠯᠲᠡᠶ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠡᠢ︔ ᠡᠳᠦᠷ ᠲᠤᠲᠤᠮ ᠤᠨ ᠠᠵᠢᠯ ᠢᠶᠠᠨ ᠴᠢᠩᠭ᠎ᠠ ᠬᠢᠬᠦ ᠶᠢ ᠪᠠᠷᠢᠮᠲᠠᠯᠠᠨ᠂ ᠬᠠᠷᠢᠶ᠎ᠠ ᠣᠷᠣᠨ ᠤ ᠳᠣᠲᠣᠷᠠᠬᠢ ᠭᠤᠤᠯᠳᠠᠯᠭ᠎ᠠ ᠲᠠᠢ ᠪᠠᠶᠢᠭᠤᠯᠭ᠎ᠠ ᠨᠢᠭᠡᠴᠢ᠂ ᠬᠤᠳᠠᠯᠳᠤᠭᠠᠨ ᠤ ᠴᠢᠯᠦᠭᠡᠳᠦ ᠳᠡᠯᠭᠡᠭᠦᠷ᠂ ᠰᠢᠷᠠᠮᠠᠯ ᠢᠳᠡᠭᠡᠨ  ᠤ ᠳᠡᠯᠭᠡᠭᠦᠷ᠂ ᠴᠢᠴᠢᠭᠦᠷ ᠪᠥᠮᠪᠦᠭᠡ ᠶᠢᠨ ᠲᠢᠩᠬᠢᠮ᠂ ᠲᠣᠰᠣ ᠨᠡᠮᠡᠬᠦ ᠥᠷᠲᠡᠭᠡ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠪᠣᠯᠤᠨ ᠭᠠᠯ ᠰᠡᠷᠭᠡᠶᠢᠯᠡᠵᠦ ᠤᠨᠲᠠᠷᠠᠭᠠᠬᠤ ᠭᠤᠤᠯᠳᠠᠯᠭ᠎ᠠ ᠲᠠᠢ ᠣᠷᠣᠨ ᠪᠦᠰᠡ ᠵᠡᠷᠭᠡ ᠳᠤ ︽ᠭᠡᠨᠡᠳᠡᠭᠦᠯᠬᠦ ᠮᠠᠶ᠋ᠢᠭ︾ ︽ᠲᠣᠤᠷ ᠲᠠᠲᠠᠬᠤ ᠮᠠᠶ᠋ᠢᠭ︾ ᠤᠨ ᠪᠠᠶᠢᠴᠠᠭᠠᠯᠲᠠ ᠬᠢᠵᠦ᠂ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠬᠤ ᠶᠢᠨ ᠬᠠᠮᠲᠤ ᠰᠡᠷᠭᠡᠶᠢᠯᠡᠬᠦ ᠲᠣᠭᠲᠠᠴᠠ ᠶᠢ ᠱᠠᠯᠠᠪᠳᠠᠭᠤᠯᠤᠨ ᠪᠠᠶᠢᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号