ᠠᠯᠳᠠᠷ ᠰᠤᠮᠤ ᠶᠢᠨ ᠳ᠋ᠠ ᠸᠧ ᠫᠦ᠋ ᠲᠣᠰᠬᠤᠨ ᠬᠠᠮᠲᠤ ᠶᠢᠨ ᠠᠵᠤ ᠠᠬᠤᠶ ᠶᠢ ᠬᠦᠭᠵᠢᠭᠦᠯᠵᠦ ᠠᠷᠠᠳ ᠲᠤ ᠠᠰᠢᠭ ᠬᠦᠷᠳᠡᠭᠡᠨ᠎ᠡ
ᠨᠡᠶᠢᠲᠡᠯᠡᠭᠰᠡᠨ ᠴᠠᠭ᠄
2025/1/23
     ᠲᠣᠰᠬᠤᠨ ᠤ ᠬᠠᠮᠲᠤ ᠶᠢᠨ ᠠᠵᠤ ᠠᠬᠤᠶ ᠶᠢᠨ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠳᠠᠷᠠᠭᠤᠯᠵᠤ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠤᠢᠢᠯᠠᠭᠠᠭᠳᠠᠬᠤᠨ ᠢ ᠪᠠᠷᠢᠮᠲᠠᠯᠠᠬᠤ ᠶᠢᠨ ᠲᠦᠯᠦᠭᠡ᠂ ᠤᠢᠢᠷ᠎ᠠ ᠶᠢᠨ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠯᠳᠠᠷ ᠰᠤᠮᠤ ᠶᠢᠨ ᠳ᠋ᠠ ᠸᠧ ᠫᠦ᠋ ᠲᠣᠰᠬᠤᠨ ᠬᠠᠮᠲᠤ ᠶᠢᠨ ᠠᠵᠤ ᠠᠬᠤᠢ ᠶᠢ ᠠᠰᠢᠭᠯᠠᠨ ᠲᠣᠰᠬᠤᠨ ᠤ ᠮᠠᠯᠴᠢᠨ ᠲᠠᠷᠢᠶᠠᠴᠢᠨ ᠳᠤ ᠬᠥᠳᠡᠭᠡ ᠲᠣᠰᠬᠤᠨ ᠤ ᠬᠤᠷᠰᠢᠬᠰᠠᠨ ᠡᠮ ᠡᠮᠨᠡᠯᠭᠡ ᠶᠢᠨ ᠰᠦᠢᠳᠬᠡᠯ ᠲᠤᠰᠢᠶᠠᠬᠤ ᠮᠥᠩᠭᠦ ᠶᠢᠨ ᠨᠥᠬᠦᠪᠥᠷᠢ ᠥᠭᠴᠦ᠂ ᠮᠠᠯᠴᠢᠨ ᠲᠠᠷᠢᠶᠠᠴᠢᠨ ᠳᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠯᠤᠭᠰᠠᠨ ︽ᠦᠷ᠎ᠡ ᠪᠦᠲᠦᠭᠡᠯ︾ ᠢ ᠦᠨᠡᠨ ᠬᠦ ᠡᠳ᠋ᠯᠡᠭᠦᠯᠪᠠ᠃  ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠥᠬᠦᠪᠥᠷᠢ ᠮᠥᠩᠭᠦ ᠠᠪᠴᠤ ᠪᠠᠶᠢᠭ᠎ᠠ ᠲᠣᠰᠬᠤᠨ ᠤ ᠠᠷᠠᠳ ᠤᠨ ᠴᠢᠷᠠᠢ ᠳᠤ ᠢᠨᠢᠶᠡᠮᠰᠦᠭᠯᠡᠯ ᠳᠦᠭᠦᠷᠴᠦ᠂ ᠲᠣᠰᠬᠤᠨ ᠤ ᠬᠤᠶᠠᠷ ᠵᠥᠪᠯᠡᠯ ᠤᠨ ᠬᠢᠨ ᠡᠮᠬᠢ ᠵᠢᠷᠤᠮ ᠲᠠᠢ ᠪᠠᠷ ᠲᠡᠳᠡᠨ ᠢ ᠵᠢᠯᠣᠭᠤᠳᠤᠨ ᠤᠯᠠᠨ ᠢᠶᠠᠷ ᠢᠶᠠᠨ ᠨᠥᠬᠦᠪᠥᠷᠢ ᠶᠢ ᠤᠷᠤᠭᠰᠢᠲᠠᠢ ᠤᠯᠬᠤ ᠶᠢ ᠪᠠᠲᠤᠯᠠᠵᠠᠢ᠃ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠦᠭᠵᠢᠭᠰᠡᠨ ᠨᠢ ᠪᠥᠬᠦ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠭᠰᠠᠨ ᠢᠶᠠᠷ ᠪᠠᠷᠠᠬᠤ ᠥᠬᠡᠶ᠂ ᠪᠠᠰᠠ ᠥᠷᠭᠡᠨ ᠣᠯᠠᠨ ᠲᠣᠰᠬᠤᠨ ᠤ ᠠᠷᠠᠳ ᠲᠤ ᠵᠢᠩᠬᠢᠨᠢ ᠪᠣᠳᠠᠲᠤ ᠠᠰᠢᠭ ᠬᠦᠷᠲᠡᠭᠡᠵᠦ᠂ ᠣᠯᠠᠨ ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠤᠯᠪᠠ᠃      ︽ᠲᠤᠰᠬᠤᠨ ᠤ ᠬᠠᠮᠲᠤ ᠶᠢᠨ ᠬᠥᠭᠵᠢᠯᠲᠡ ᠶᠢᠨ ᠵᠣᠷᠢᠯᠭ᠎ᠠ ᠪᠣᠯ ᠳᠠᠷᠤᠶ ᠲᠤᠰᠬᠤᠨ ᠤ ᠠᠷᠠᠳ ᠲᠤ ᠠᠰᠢᠭ ᠣᠯᠭᠤᠬᠤ ᠶᠢᠨ ᠲᠥᠯᠥᠭᠡ ᠶᠤᠮ᠂ ᠪᠢᠳᠡ ᠡᠶᠢᠮᠦᠷᠬᠦᠦ ᠠᠷᠭ᠎ᠠ ᠪᠠᠷ ᠳᠠᠮᠵᠢᠭᠤᠯᠤᠨ ᠲᠤᠰᠬᠤᠨ ᠤ ᠠᠷᠠᠳ ᠤᠨ ᠵᠢᠯ ᠪᠦᠷᠢ ᠶᠢᠨ ᠬᠥᠳᠡᠭᠡ ᠲᠣᠰᠬᠤᠨ ᠤ ᠬᠤᠷᠰᠢᠭᠰᠠᠨ ᠡᠮ ᠡᠮᠨᠡᠯᠭᠡ ᠶᠢᠨ ᠵᠠᠷᠤᠳᠠᠯ ᠢ ᠢᠳᠡᠪᠬᠢᠲᠡᠶ ᠪᠠᠷ ᠲᠤᠰᠢᠶᠠᠬᠤ ᠶᠢ ᠵᠣᠷᠢᠭᠵᠢᠭᠤᠯᠵᠤ᠂ ᠳᠠᠷᠤᠭᠠᠰᠤ ᠶᠢ ᠬᠥᠩᠭᠡᠯᠡᠬᠦ ᠶᠢᠨ ᠬᠠᠮᠲᠤ ᠣᠯᠠᠨ ᠲᠦᠮᠡᠨ ᠳᠤ ᠠᠰᠢᠭ ᠬᠦᠷᠲᠡᠭᠡᠨ᠂ ᠲᠤᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠵᠦ᠂ ᠲᠤᠰᠬᠤᠨ ᠤ ᠠᠷᠠᠳ ᠲᠤ ᠦᠨᠡᠨ ᠪᠣᠳᠠᠲᠠᠶ ᠪᠠᠷ ᠰᠠᠶᠢᠨ ᠶᠠᠪᠤᠳᠠᠯ ᠪᠣᠳᠠᠲᠤ ᠶᠠᠪᠤᠳᠠᠯ ᠬᠢᠵᠦ ᠥᠭᠬᠦ ᠶᠢ ᠬᠦᠰᠡᠵᠦ ᠪᠠᠶᠢᠨ᠎ᠠ︾ ᠭᠡᠵᠦ ᠳ᠋ᠡ ᠸᠧ ᠫᠦ᠋ ᠲᠣᠰᠬᠤᠨ ᠤ ᠨᠠᠮ ᠤᠨ ᠡᠭᠦᠷ ᠤᠨ ᠱᠦᠵᠢ ᠵᠢᠢ ᠯᠢᠶᠠᠨ ᠸᠧᠢ ᠬᠡᠯᠡᠪᠡ᠃    2025 ᠣᠨ ᠳᠤ᠂ ᠬᠥᠳᠡᠭᠡ ᠲᠣᠰᠬᠤᠨ ᠤ ᠬᠤᠷᠰᠢᠭᠰᠠᠨ ᠡᠮ ᠡᠮᠨᠡᠯᠭᠡ ᠶᠢᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ ᠵᠢᠯ ᠳᠤ 400 ᠲᠥᠭᠦᠷᠢᠭ᠂ ᠲᠤᠰᠬᠤᠨ ᠤ ᠬᠠᠮᠲᠤ ᠶᠢᠨ ᠨᠥᠬᠦᠪᠥᠷᠢ ᠶᠢᠨ ᠪᠠᠷᠢᠮᠵᠢᠶ᠎ᠠ ᠨᠢ 300 ᠲᠥᠭᠦᠷᠢᠭ᠂ ᠬᠤᠪᠢ ᠬᠥᠮᠦᠨ 100 ᠲᠥᠭᠦᠷᠢᠭ ᠢ ᠡᠭᠦᠷᠭᠡᠯᠡᠨ᠎ᠡ᠃ ᠬᠢᠨᠠᠨ ᠰᠢᠯᠭᠠᠬᠤ ᠡᠷᠦᠬᠡ ᠪᠠ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠶᠢᠨ ᠬᠥᠳᠡᠭᠡ ᠲᠣᠰᠬᠤᠨ ᠤ ᠬᠤᠷᠰᠢᠭᠰᠠᠨ ᠡᠮ ᠡᠮᠨᠡᠯᠭᠡ ᠶᠢᠨ ᠰᠦᠢᠳᠭᠡᠯ 120 ᠲᠥᠭᠦᠷᠢᠭ ᠲᠤᠰᠢᠶᠠᠪᠠᠯ᠂ ᠲᠤᠰᠬᠤᠨ ᠤ ᠬᠠᠮᠲᠤ ᠶᠢᠨ ᠠᠵᠤ ᠠᠬᠤᠢ ᠠᠴᠠ 120 ᠲᠥᠭᠦᠷᠢᠭ ᠢ ᠪᠤᠴᠠᠭᠠᠵᠤ ᠥᠭᠭᠦᠨ᠎ᠡ᠃ ᠨᠥᠬᠦᠪᠥᠷᠢ ᠥᠭᠬᠦ ᠳᠤ ︽ᠤᠷᠢᠳᠠᠪᠠᠷ ᠲᠤᠰᠢᠶᠠᠵᠤ ᠳᠠᠷᠠᠭ᠎ᠠ ᠨᠢ ᠨᠥᠬᠦᠪᠥᠷᠢᠯᠡᠬᠦ︾ ᠵᠠᠷᠴᠢᠮ ᠢ ᠬᠡᠷᠡᠭᠵᠢᠭᠦᠯᠵᠦ᠂ ᠲᠣᠰ ᠤᠳᠠᠭᠠᠨ ᠤ ᠡᠮ ᠡᠮᠨᠡᠯᠭᠡ ᠶᠢᠨ ᠳᠠᠭᠠᠳᠬᠠᠯ ᠤᠨ ᠪᠡᠯᠡᠨ ᠵᠣᠭᠤᠰ ᠪᠤᠴᠠᠭᠠᠭᠰᠠᠨ ᠬᠦᠮᠦᠨ 900 ᠭᠠᠷᠤᠶ ᠬᠥᠮᠦᠨ ᠪᠠᠶᠢᠵᠤ᠂ 25 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ᠃    ᠡᠨᠡ ᠤᠳᠠᠭ᠎ᠠ ᠶᠢᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠨᠢ ᠮᠠᠯᠴᠢᠨ ᠲᠠᠷᠢᠶᠠᠴᠢᠨ ᠤᠯᠠᠨ ᠲᠦᠮᠡᠨ ᠳᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠪᠴᠢᠷᠠᠭᠰᠠᠨ ᠪᠣᠳᠠᠲᠤ ᠠᠰᠢᠭ ᠲᠤᠰᠠ ᠶᠢ ᠦᠨᠡᠨ ᠬᠦ ᠬᠦᠷᠲᠡᠭᠡᠵᠦ᠂ ᠤᠯᠠᠨ ᠲᠦᠮᠡᠨ ᠤ ︽ᠡᠪᠡᠳᠴᠢᠨ ᠦᠵᠡᠭᠦᠯᠬᠦ ᠳᠤ ᠡᠮ ᠡᠮᠨᠡᠯᠭᠡ ᠶᠢᠨ ᠪᠠᠳᠤᠯᠠᠭ᠎ᠠ ᠲᠠᠢ︾ ᠪᠠᠶᠢᠬᠤ ᠳᠤ ᠬᠦᠴᠦᠲᠡᠢ ᠪᠠᠲᠤᠯᠠᠭ᠎ᠠ ᠬᠠᠩᠭᠠᠵᠠᠢ᠃ ᠲᠠᠷᠠᠭᠠᠴᠢ ᠶᠢᠨ ᠠᠯᠬᠤᠮ ᠳᠤ᠂ ᠳ᠋ᠠ ᠸᠧ ᠫᠦ᠋ ᠲᠣᠰᠬᠤᠨ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠲᠥᠪᠯᠡᠷᠡᠭᠦᠯᠦᠨ ᠰᠠᠭᠤᠷᠢ ᠪᠠᠨ ᠴᠢᠩᠭᠠᠳᠬᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠲᠤᠰᠬᠤᠨ ᠤ ᠬᠠᠮᠲᠤ ᠶᠢᠨ ᠠᠵᠤ ᠠᠬᠤᠶ ᠶᠢ ᠬᠦᠭᠵᠢᠬᠦᠯᠵᠦ᠂ ᠨᠠᠩ ᠣᠯᠠᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠᠷ ᠮᠠᠯᠴᠢᠨ ᠲᠠᠷᠢᠶᠠᠴᠢᠳ ᠲᠤ ᠪᠤᠶᠠᠨ ᠦᠢᠯᠡᠳᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号