ᠳᠡᠪᠰᠡᠭ ᠪᠠᠯᠭᠠᠰᠤ ᠶᠢᠨ ᠤᠳᠤᠷᠢᠳᠤᠯᠭ᠎ᠠ ᠨᠠᠷ ᠬᠦᠬᠡᠬᠤᠳᠠ ᠪᠡᠭᠡᠵᠢᠩ ᠵᠡᠷᠭᠡ ᠪᠠᠷ ᠰᠢᠨᠵᠢᠯᠡᠨ ᠪᠠᠶᠢᠴᠠᠭᠠᠬᠤ ᠠᠵᠢᠯᠯᠠᠭ᠎ᠠ ᠦᠷᠨᠢᠭᠦᠯᠵᠡᠢ
ᠨᠡᠶᠢᠲᠡᠯᠡᠭᠰᠡᠨ ᠴᠠᠭ᠄
2025/1/24
     ᠪᠠᠯᠭᠠᠰᠤᠨ ᠤ ᠡᠯ᠎ᠡ ᠵᠦᠢᠯ ᠤᠨ ᠦᠢᠯᠡᠰ ᠤᠨ ᠥᠷᠨᠢᠩᠭᠦᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠡᠯ᠎ᠡ ᠲᠠᠯ᠎ᠠ ᠶᠢᠨ ᠬᠢᠨ ᠲᠠᠢ ᠭᠦᠨᠵᠡᠭᠡᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢᠨ ᠲᠥᠯᠥᠭᠡ᠂ 1 ᠰᠠᠷ᠎ᠠ ᠶᠢᠨ 16 ᠤ ᠡᠳᠦᠷ ᠠᠴᠠ 19 ᠤ ᠡᠳᠦᠷ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠳᠡᠪᠰᠡᠭ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ ᠸᠠᠩ ᠬᠤᠩ ᠰᠢ᠂ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠵᠧᠦ ᡁᠢ ᠬᠤᠤ᠂ ᠳᠡᠳ᠋ ᠪᠠᠯᠭᠠᠰᠤᠨ ᠳᠠᠷᠤᠭ᠎ᠠ ᠬᠠᠰᠡᠷᠳᠡᠨᠢ ᠨᠡᠷ ᠡᠯ᠎ᠡ ᠭᠠᠵᠠᠷ ᠢᠶᠠᠷ ᠬᠦᠷᠴᠦ ᠠᠵᠢᠯ ᠵᠣᠯᠭᠠᠭᠤᠯᠬᠤ ᠪᠠ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠵᠡᠢ᠃    1 ᠰᠠᠷ᠎ᠠ ᠶᠢᠨ 16 ᠤ ᠡᠳᠦᠷ᠂ ᠸᠠᠩ ᠬᠤᠩ ᠰᠢ ᠨᠡᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠢᠶᠠᠷ ᠬᠦᠷᠴᠦ ᠠᠵᠢᠯ ᠤᠨ ᠬᠠᠷᠢᠭᠤ ᠮᠡᠳᠡᠭᠦᠯᠦᠯᠳᠡ ᠬᠢᠵᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠹᠧᠩ ᠱᠤᠸᠠᠩ ᠢᠦᠶ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠳ᠋ᠠᠶ ᠵᠢᠶᠠᠨ ᠹᠧᠩ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ ᠬᠤᠤ ᠵᠢᠶᠦ᠋ᠨ ᠸᠧᠨ ᠬᠤᠷᠠᠯ ᠳᠤ ᠰᠤᠯᠠ ᠣᠷᠣᠯᠴᠠᠪᠠ᠃ ᠬᠤᠷᠠᠯ ᠳᠡᠭᠡᠷ᠎ᠡ᠂ ᠸᠠᠩ ᠬᠤᠩ ᠰᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠪᠰᠤᠷᠤᠨ ᠲᠡᠳᠬᠦᠬᠦ ᠠᠵᠢᠯ ᠤᠨ ᠦᠷ᠎ᠡ ᠪᠦᠲᠦᠮᠵᠢ᠂ ᠳᠡᠪᠰᠡᠭ ᠪᠠᠯᠭᠠᠰᠤ ᠶᠢᠨ 2024 ᠣᠨ ᠤ ᠠᠵᠢᠯ ᠤᠨ ᠦᠷ᠎ᠡ ᠪᠦᠲᠦᠭᠡᠯ ᠵᠢᠴᠢ 2025 ᠣᠨ ᠤ ᠠᠵᠢᠯ ᠤᠨ ᠲᠥᠯᠥᠪᠯᠡᠭᠡ ᠶᠢ ᠨᠠᠷᠢᠨ ᠨᠢᠭᠲᠠ ᠬᠠᠷᠢᠭᠤ ᠮᠡᠳᠡᠭᠦᠯᠵᠡᠢ᠃ ᠹᠧᠩ ᠱᠤᠸᠠᠩ ᠢᠦᠶ ᠡᠷᠬᠢᠯᠡᠭᠴᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠳᠡᠪᠰᠡᠭ ᠪᠠᠯᠭᠠᠰᠤᠨ ᠤ ᠲᠠᠷᠠᠭᠠᠴᠢ ᠶᠢᠨ ᠠᠯᠬᠤᠮ ᠤᠨ ᠠᠵᠢᠯ ᠳᠤ ᠴᠢᠭᠯᠡᠭᠦᠯᠦᠨ ᠨᠠᠷᠢᠨ ᠨᠢᠮᠪᠠᠶ ᠵᠢᠭᠠᠨ ᠵᠢᠯᠣᠭᠤᠳᠤᠭᠰᠠᠨ ᠪᠥᠭᠡᠳ ᠠᠯᠢ ᠣᠯᠠᠨ ᠪᠦᠲᠦᠭᠡᠯᠴᠢ ᠴᠢᠨᠠᠷᠲᠠᠶ ᠰᠠᠨᠠᠭᠤᠯᠭ᠎ᠠ ᠳᠤᠷᠠᠳᠤᠭᠰᠠᠨ ᠪᠠᠶᠢᠨ᠎ᠠ     ᠳᠠᠷᠠᠭ᠎ᠠ ᠨᠢ᠂ ᠸᠠᠩ ᠬᠤᠩ ᠰᠢ ᠨᠡᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠳᠤᠭ ᠪᠡᠯᠴᠢᠭᠡᠷ ᠤᠨ ᠲᠢᠩᠬᠢᠮ ᠢᠶᠠᠷ ᠬᠦᠷᠴᠦ ᠠᠵᠢᠯ ᠢᠶᠠᠨ ᠵᠣᠯᠭᠠᠭᠤᠯᠵᠤ᠂ ᠬᠠᠷ᠎ᠠ ᠢᠮᠠᠭᠠᠳᠤ ᠠᠭᠤᠯᠠᠨ ᠤ ᠵᠢᠭᠤᠯᠴᠢᠯᠠᠯ ᠤᠨ ᠲᠥᠷᠥᠯ ᠵᠦᠢᠯ ᠳᠤ ᠬᠤᠯᠪᠣᠭᠳᠠᠭᠰᠠᠨ ᠨᠤᠳᠤᠭ ᠪᠡᠯᠴᠢᠭᠡᠷ ᠤᠨ ᠲᠥᠷᠥ ᠶᠢᠨ ᠪᠣᠳᠣᠯᠭ᠎ᠠ ᠶᠢᠨ ᠲᠤᠬᠠᠶ ᠭᠦᠨᠵᠡᠭᠡᠶ ᠠᠰᠠᠭᠤᠨ ᠯᠠᠪᠯᠠᠵᠠᠶ᠃ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠳᠡᠷᠭᠡᠯ ᠠᠴᠠ ᠯᠠᠪᠯᠠᠯᠲᠠ ᠶᠢᠨ ᠠᠭᠤᠯᠭ᠎ᠠ ᠳᠤ ᠴᠢᠭᠯᠡᠭᠦᠯᠦᠨ᠂ ᠦᠨᠡᠨ ᠬᠦ ᠪᠣᠯᠤᠮᠵᠢᠲᠠᠶ ᠰᠢᠢᠳᠪᠤᠷᠢᠯᠡᠬᠦ ᠲᠥᠰᠦᠯ ᠢ ᠳᠤᠷᠠᠳᠤᠭᠰᠠᠨ ᠪᠠᠶᠢᠨ᠎ᠠ᠃    ᠬᠠᠮᠤᠭ ᠰᠡᠭᠦᠯ ᠳᠤ᠂ ᠸᠠᠩ ᠬᠤᠩ ᠰᠢ ᠨᠡᠷ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠪᠠᠷ ᠬᠦᠷᠴᠦ ᠬᠠᠤᠯᠢ ᠲᠣᠭᠲᠠᠭᠠᠯ ᠤᠨ ᠭᠠᠵᠠᠷ ᠤᠨ ᠳᠠᠷᠤᠭ᠎ᠠ ᠨᠤᠤᠷ᠎ᠠ ︵ᠤᠯᠤᠰ ᠤᠨ ᠨᠢᠭᠡᠳᠦᠭᠡᠷ ᠳᠡᠰ ᠤᠨ ᠬᠥᠭᠵᠢᠮ ᠤᠨ ᠵᠣᠬᠢᠶᠠᠯᠴᠢ ᠮᠧᠯᠴᠢᠭ ᠤᠨ ᠤᠳᠬᠤᠨ ᠥᠬᠢᠨ︶ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ︽ᠬᠦᠳᠡᠭᠡ ᠲᠠᠯ᠎ᠠ ᠳᠤ ᠮᠥᠩᠬᠡ ᠶᠢᠨ ᠨᠠᠷᠠ ᠮᠠᠨᠳᠤᠯ᠎ᠠ︾ ᠭᠡᠬᠦ ᠲᠠᠭᠤ ᠶᠢ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠲᠠᠭᠤ ᠪᠠᠷ ᠵᠢᠭᠰᠠᠭᠠᠭᠰᠠᠨ ᠶᠠᠪᠤᠳᠠᠯ ᠤᠨ ᠲᠤᠬᠠᠶ ᠬᠠᠮᠲᠤ ᠶᠢᠨ ᠲᠠᠨᠢᠯᠲᠠ ᠲᠠᠢ ᠪᠣᠯᠪᠠ᠃    1 ᠰᠠᠷ᠎ᠠ ᠶᠢᠨ 17 ᠤ ᠡᠳᠦᠷ᠂ ᠸᠠᠩ ᠬᠤᠩ ᠰᠢ ᠨᠡᠷ ᠪᠡᠭᠡᠵᠢᠩ ᠳᠤ ᠬᠦᠷᠴᠦ᠂ ᠪᠡᠭᠡᠵᠢᠩ ᠳᠤ ᠰᠠᠭᠤᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠱᠢ ᠵᠢᠶᠠᠨ ᠭᠦᠸᠧ ᠲᠠᠢ ᠠᠵᠢᠯ ᠢᠶᠠᠨ ᠵᠣᠯᠭᠠᠭᠤᠯᠪᠠ᠂ ᠡᠭᠦᠨ ᠤ ᠵᠣᠷᠢᠯᠭ᠎ᠠ ᠨᠢ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠬᠥᠭᠦᠷᠭᠡ ᠶᠢᠨ ᠦᠢᠯᠡᠳᠦᠯ ᠢᠶᠠᠷ ᠳᠠᠮᠵᠢᠭᠤᠯᠤᠨ᠂ ᠪᠡᠭᠡᠵᠢᠩ ᠳᠤ ᠪᠠᠶᠢᠭ᠎ᠠ ᠨᠠᠩ ᠣᠯᠠᠨ ᠠᠵᠤ ᠠᠬᠤᠶᠢᠯᠠᠯ ᠲᠠᠢ ᠵᠥᠪᠳᠡᠯᠴᠡᠵᠦ᠂ ᠳᠡᠪᠰᠡᠭ ᠪᠠᠯᠭᠠᠰᠤᠨ ᠤ ᠪᠣᠳᠠᠲᠤ ᠬᠡᠷᠡᠭᠴᠡᠭᠡ ᠳᠤ ᠨᠡᠶᠢᠴᠡᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢᠨ ᠲᠥᠯᠥᠭᠡ ᠶᠤᠮ᠃ ᠡᠨᠡ ᠬᠤᠭᠤᠴᠠᠭᠠᠨ ᠳᠤ᠂ ᠸᠠᠩ ᠬᠤᠩ ᠰᠢ ᠨᠡᠷ ᠱᠧᠦ ᠳ᠋ᠦ᠋ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠪᠠᠷ ᠬᠦᠷᠴᠦ ᠠᠵᠢᠯ ᠤᠨ ᠬᠠᠷᠢᠭᠤ ᠮᠡᠳᠡᠭᠦᠯᠦᠯᠲᠡ ᠬᠢᠵᠡᠢ᠃ ᠲᠤᠰ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠸᠠᠩ ᡁᠢ ᠴᠢ ᠬᠤᠷᠠᠯ ᠢ ᠡᠷᠭᠢᠯᠡᠵᠡᠶ᠃ ᠬᠤᠷᠠᠯ ᠳᠡᠭᠡᠷ᠎ᠡ᠂ ᠸᠠᠩ ᠬᠤᠩ ᠰᠢ ᠱᠦᠵᠢ 2024 ᠣᠨ ᠤ  ᠱᠧᠦ ᠳ᠋ᠦ᠋ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠨᠳᠢᠪᠯᠠᠬᠤ ᠲᠦᠷᠦᠯ ᠵᠦᠢᠯ ᠤᠨ ᠥᠷᠨᠢᠭᠦᠯᠦᠭᠰᠡᠨ ᠪᠠᠶᠢᠳᠠᠯ ᠵᠢᠴᠢ ᠠᠵᠢᠯ ᠤᠨ ᠲᠥᠯᠥᠪᠯᠡᠭᠡ ᠶᠢ ᠨᠠᠷᠢᠨ ᠲᠣᠳᠣᠷᠬᠠᠶ ᠬᠠᠷᠢᠭᠤ ᠮᠡᠳᠡᠭᠦᠯᠦᠭᠰᠡᠨ ᠪᠥᠭᠡᠳ ᠺᠣᠮᠫᠠᠨᠢ ᠳᠤ ᠬᠡᠮᠡᠷᠯᠢᠭ ᠲᠤᠭ ᠪᠡᠯᠡᠭᠯᠡᠵᠡᠶ᠃ ᠲᠡᠷᠢᠭᠦᠯᠡᠭᠴᠢ ᠸᠠᠩ ᡁᠢ ᠴᠢ ᠳᠡᠪᠰᠡᠭ ᠪᠠᠯᠭᠠᠰᠤ ᠶᠢᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ 2025 ᠣᠨ ᠤ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠬᠠᠪᠰᠤᠷᠤᠨ ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠨᠢ ᠺᠣᠮᠫᠠᠨᠢ ᠶᠢᠨ ᠬᠠᠪᠰᠤᠷᠤᠨ ᠲᠡᠳᠬᠦᠬᠦ ᠣᠶᠢᠯᠠᠭᠠᠭᠳᠠᠬᠤᠨ ᠲᠠᠢ ᠨᠡᠶᠢᠴᠡᠳᠡᠭ ᠯᠡ ᠶᠤᠮ ᠪᠣᠯ ᠺᠣᠮᠫᠠᠨᠢ ᠠᠴᠠ ᠳᠡᠪᠰᠡᠭ ᠪᠠᠯᠭᠠᠰᠤ ᠶᠢ ᠦᠷᠭᠦᠯᠵᠢᠯᠡᠨ ᠬᠠᠪᠰᠤᠷᠤᠨ ᠲᠡᠳᠬᠦᠨ᠎ᠠ ᠭᠡᠵᠡᠢ᠃    1 ᠰᠠᠷ᠎ᠠ ᠶᠢᠨ 18 ᠤ ᠡᠳᠦᠷ᠂ ᠸᠠᠩ ᠬᠤᠩ ᠰᠢ ᠨᠡᠷ ᠱᠠᠨᠳᠦ᠋ᠩ ᠮᠤᠵᠢ ᠶᠢᠨ ᠯᠢᠨ ᠢ ᠬᠤᠳᠠ ᠶᠢᠨ ᠹᠧᠩ ᡁᠢ ᠹᠠᠩ ᠪᠦᠯᠦᠭᠯᠡᠯ ᠢᠶᠠᠷ ᠬᠦᠷᠴᠦ᠂ ᠮᠠᠨᠲᠠᠤ ᠶᠢᠨ ᠠᠵᠤ ᠦᠢᠯᠡᠰ ᠲᠤ ᠭᠦᠨᠵᠡᠭᠡᠢ ᠰᠢᠨᠵᠢᠯᠡᠨ ᠪᠠᠶᠢᠴᠠᠭᠠᠯᠲᠠ ᠬᠢᠵᠦ ᠰᠤᠷᠤᠯᠴᠠᠪᠠ᠃ ᠮᠠᠨᠲᠠᠤ ᠶᠢᠨ ᠦᠢᠯᠡᠳᠪᠦᠷᠢᠯᠡᠯ ᠪᠣᠯᠪᠠᠰᠤᠷᠠᠭᠤᠯᠤᠯᠲᠠ ᠶᠢᠨ ᠶᠠᠪᠤᠴᠠ ᠶᠢ ᠲᠤᠬᠠᠶ ᠶᠢᠨ ᠭᠠᠵᠠᠷ ᠲᠤᠨᠢ ᠦᠵᠡᠵᠦ᠂ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠣᠰ ᠤᠳᠠᠭᠠᠨ ᠤ ᠪᠠᠶᠢᠴᠠᠭᠠᠯᠲᠠ ᠶᠢᠨ ᠦᠷ᠎ᠡ ᠪᠦᠲᠦᠭᠡᠯ ᠳᠤ ᠰᠠᠭᠤᠷᠢᠯᠠᠨ᠂ ᠳᠡᠪᠰᠡᠭ ᠪᠠᠯᠭᠠᠰᠤ ᠮᠠᠨ ᠲᠧᠦ ᠱᠠᠨ ᠭᠠᠴᠠᠭ᠎ᠠ ᠳᠤ ᠮᠠᠨᠲᠠᠤ ᠪᠣᠯᠪᠠᠰᠤᠷᠠᠭᠤᠯᠬᠤ ᠦᠢᠯᠡᠳᠪᠤᠷᠢ ᠪᠠᠶᠢᠭᠤᠯᠵᠤ᠂ ᠤᠨᠴᠠᠯᠢᠬᠳᠤ ᠮᠠᠨᠲᠠᠤ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠬᠦᠴᠦᠨ ᠨᠡᠮᠡᠷᠢᠯᠡᠬᠦ ᠪᠠᠷ ᠲᠥᠯᠥᠪᠯᠡᠵᠦ ᠪᠠᠶᠢᠨ᠎ᠠ᠃    1 ᠰᠠᠷ᠎ᠠ ᠶᠢᠨ 19 ᠤ ᠡᠳᠦᠷ᠂ ᠸᠠᠩ ᠬᠤᠩ ᠰᠢ ᠨᠡᠷ ᠱᠠᠨᠳᠦ᠋ᠩ ᠮᠤᠵᠢ ᠶᠢᠨ ᠯᠢᠨ ᠢ ᠬᠤᠲᠠ ᠪᠣᠯᠤᠨ ᠵᠢᠶᠠᠩᠰᠦ ᠮᠤᠵᠢ ᠶᠢᠨ ᠰᠢᠨ ᠢ ᠬᠤᠲᠠ ᠪᠠᠷ ᠬᠦᠷᠴᠦ᠂ ᠱᠠᠨᠳᠦ᠋ᠩ ᠤᠨ ᠳ᠋ᠧ ᠹᠧᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠲᠡᠵᠢᠭᠡᠨ ᠦᠷᠡᠵᠢᠭᠦᠯᠬᠦ ᠲᠠᠯᠠᠪᠠᠶ ᠵᠢᠴᠢ ᠳᠡᠪᠰᠡᠭ ᠪᠠᠯᠭᠠᠰᠤᠨ ᠳᠤ ᠵᠥᠭᠡᠭᠡᠪᠦᠷᠢᠯᠡᠨ ᠬᠦᠷᠭᠡᠵᠦ ᠲᠡᠵᠢᠭᠡᠨ ᠦᠷᠡᠵᠢᠭᠦᠯᠵᠦ ᠪᠠᠶᠢᠭ᠎ᠠ ︽ᠾᠥᠸᠧ ᠡᠯ ᠳ᠋ᠥᠸᠧ ᠪᠠ ᠵᠢᠢ︾ ᠡᠭᠦᠯᠳᠡᠷ ᠤᠨ ᠭᠠᠯᠠᠭᠤ ᠶᠢ ᠪᠥᠬᠦ ᠲᠠᠯ᠎ᠠ ᠪᠠᠷ ᠰᠢᠨᠵᠢᠯᠡᠨ ᠪᠠᠶᠢᠴᠠᠭᠠᠪᠠ᠃ ᠡᠭᠦᠯᠳᠡᠷ ᠤᠨ ᠭᠠᠯᠠᠭᠤ ᠶᠢᠨ ᠤᠯᠠᠷᠢᠯ ᠰᠥᠷᠬᠦ ᠲᠡᠵᠢᠭᠡᠨ ᠦᠷᠡᠵᠢᠭᠦᠯᠬᠦ᠂ ᠨᠡᠪᠴᠢᠭᠦᠯᠬᠦ᠂ ᠲᠡᠵᠢᠭᠡᠨ ᠦᠷᠡᠵᠢᠭᠦᠯᠬᠦ ᠲᠡᠵᠢᠭᠡᠯ ᠪᠣᠷᠳᠤᠭ᠎ᠠ ᠡᠳ᠋ᠰᠢᠭᠦᠯᠬᠦ ᠵᠢᠴᠢ ᠭᠠᠯᠠᠭᠤᠨ ᠦᠳᠦ ᠭᠠᠯᠠᠭᠤᠨ ᠨᠣᠯᠤᠤᠷ ᠪᠣᠷᠣᠯᠠᠭᠤᠯᠬᠤ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠭᠤᠭᠴᠤᠭ᠎ᠠ ᠶᠢ ᠭᠦᠨᠵᠡᠭᠡᠶ ᠣᠶᠢᠯᠠᠭᠠᠪᠠ᠃ ᠭᠦᠨᠵᠡᠭᠡᠶ ᠰᠣᠯᠢᠯᠴᠠᠭ᠎ᠠ ᠪᠠ ᠶᠠᠷᠢᠯᠴᠠᠭ᠎ᠠ ᠪᠠᠷ ᠳᠡᠮᠵᠢᠨ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ᠂ ᠵᠠᠬ᠎ᠠ ᠳᠡᠯᠭᠡᠭᠦᠷ ᠤᠨ ᠬᠥᠭᠵᠢᠯᠲᠡ ᠵᠡᠷᠭᠡ ᠣᠯᠠᠨ ᠲᠠᠯ᠎ᠠ ᠶᠢᠨ ᠬᠦᠴᠦᠨ ᠵᠦᠢᠯ ᠳᠤ ᠰᠠᠭᠤᠷᠢᠯᠠᠨ᠂ ᠳ᠋ᠧ ᠹᠧᠩ ᠮᠠᠯ ᠠᠵᠤ ᠠᠬᠤᠶ ᠶᠢᠨ ᠺᠣᠮᠫᠠᠨᠢ ᠳᠡᠪᠰᠡᠭ ᠪᠠᠯᠭᠠᠰᠤᠨ ᠳᠤ ︽ᠾᠥᠸᠧ ᠡᠯ ᠳ᠋ᠥᠸᠧ ᠪᠠ ᠵᠢᠢ︾ ᠡᠭᠦᠯᠳᠡᠷ ᠤᠨ ᠭᠠᠯᠠᠭᠤ ᠶᠢᠨ ᠰᠠᠭᠤᠷᠢᠨ ᠭᠠᠵᠠᠷ ᠢ ᠪᠠᠶᠢᠭᠤᠯᠬᠤ ᠢᠲᠡᠭᠡᠯ ᠵᠣᠷᠢᠭ ᠢᠶᠠᠨ ᠤᠯᠠᠮ ᠪᠠᠲᠤᠳᠬᠠᠵᠠᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号