| 1 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ | ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠬᠢᠵᠦ᠂ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠤᠯ ᠰᠡᠳᠦᠪ ᠤᠨ | ᠲᠣᠭᠤᠷᠢᠨ ᠳᠤ ᠭᠦᠨᠵᠡᠭᠡᠶ ᠰᠤᠷᠤᠯᠴᠠᠵᠠᠢ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠰᠢᠭᠤᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠦ ᠲᠤᠤ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠬᠤᠰᠢᠭᠤᠨ ᠤ ᠤᠳᠤᠷᠢᠳᠤᠯᠭ᠎ᠠ | ᠯᠢᠦ ᠬᠠᠶ ᠲᠤᠤ ᠨᠠᠷ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠠᠭᠤᠯᠭ᠎ᠠ ᠶᠢᠨ ᠲᠣᠭᠤᠷᠢᠨ ᠳᠤ | ᠰᠤᠳᠤᠯᠤᠨ ᠶᠠᠷᠢᠯᠴᠠᠵᠤ᠂ ᠸᠠᠩ ᠵᠢᠶᠠ ᠪᠥᠸᠧ᠂ ᠶᠤᠸᠠᠢ ᠰᠥᠩ ᠱᠠᠨ ᠬᠤᠷᠠᠯ ᠳᠤ ᠣᠷᠣᠯᠴᠠᠵᠠᠶ᠃ | ᠰᠦᠨ ᠱᠦ ᠲᠤᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ᠂ ᠨᠠᠮ ᠤᠨ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠳᠠᠬᠢ ᠲᠡᠮᠡᠴᠡᠯ ᠤᠨ ᠬᠠᠷᠠᠯᠲᠠ ᠪᠣᠯᠤᠨ ᠭᠤᠣᠯ ᠡᠭᠦᠷᠭᠡ ᠶᠢ ᠲᠣᠳᠣᠷᠬᠠᠶᠢᠯᠠᠨ᠂ ᠠᠵᠢᠯ ᠤᠨ | ᠴᠢᠭᠯᠡᠯ ᠤᠨ ᠣᠨᠣᠪᠴᠢᠲᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠨᠠᠮ ᠤᠨ ᠳᠣᠲᠣᠭᠠᠳᠤ ᠶᠢᠨ ᠤᠯᠤᠰ | ᠲᠦᠷᠦ ᠶᠢᠨ ᠠᠮᠢᠳᠤᠷᠠᠯ ᠤᠨ ᠵᠢᠷᠤᠮᠵᠢᠯ ᠪᠠ ᠱᠠᠭᠠᠷᠳᠠᠯᠭ᠎ᠠ ᠶᠢ ᠲᠣᠳᠣᠷᠬᠠᠢ ᠪᠣᠯᠭᠠᠵᠤ᠂ ᠨᠠᠮ ᠤᠨ ᠪᠦᠯᠬᠦᠮᠳᠡᠯ | ᠨᠢᠭᠡᠳᠦᠯ ᠢ ᠬᠠᠮᠠᠭᠠᠯᠠᠬᠤ᠂ ᠨᠠᠮ ᠤᠨ ᠪᠦᠲᠦᠭᠡᠯᠴᠢ ᠬᠦᠴᠦᠨ ᠨᠢᠭᠲᠠᠷᠠᠯ ᠤᠨ ᠬᠦᠴᠦᠨ ᠲᠠᠶᠢᠴᠢᠨ ᠬᠦᠴᠦᠨ ᠢ | ᠲᠠᠰᠤᠷᠠᠯᠳᠠ ᠦᠭᠡᠢ ᠴᠢᠩᠭᠠᠳᠬᠠᠬᠤ ᠳᠤ ᠦᠵᠡᠭᠦᠯᠬᠦ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠴᠢᠬᠤᠯᠠ | ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠤᠯᠠᠮ | ᠨᠢᠭᠡ ᠠᠯᠬᠤᠮ ᠠᠬᠢᠭᠤᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠵᠡᠯ ᠰᠠᠨᠠᠭᠠᠨ ᠤ ᠰᠠᠭᠤᠷᠢ ᠶᠢ ᠪᠠᠲᠤ | ᠪᠠᠬᠢ ᠰᠠᠶᠢᠲᠤᠷ ᠴᠣᠭᠴᠠᠯᠠᠬᠤ ᠬᠡᠷᠡᠭᠲᠡᠢ ᠭᠡᠵᠡᠢ᠃ | ᠰᠦᠨ ᠱᠦ ᠲᠤᠤ᠂ ᠴᠠᠭᠠᠷᠠᠭᠰᠠᠨ ᠴᠢᠳᠠᠪᠤᠷᠢ ᠪᠠᠨ ᠤᠯᠠᠮ ᠴᠢᠨᠠᠭᠰᠢᠳᠠ ᠪᠣᠯᠪᠠᠰᠤᠷᠠᠭᠤᠯᠵᠤ᠂ ᠠᠵᠢᠯ ᠤᠨ | ᠴᠢᠳᠠᠪᠤᠷᠢ ᠪᠠᠨ ᠳᠠᠰᠤᠷᠠᠯᠳᠠ ᠦᠬᠡᠢ ᠳᠡᠭᠡᠭᠰᠢᠯᠡᠭᠦᠯᠤᠨ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠵᠢᠯ ᠶᠠᠪᠤᠳᠠᠯ ᠡᠷᠬᠢᠯᠡᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ︽ᠪᠣᠳᠠᠲᠠᠢ | ᠠᠵᠢᠯᠯᠠᠬᠤ︾ ᠬᠤᠶᠠᠷ ᠦᠰᠦᠭ ᠢ ᠰᠡᠳᠬᠢᠯ ᠳᠡᠭᠡᠨ ᠬᠠᠳᠠᠩᠰᠢᠭᠤᠯᠤᠨ᠂ ᠠᠵᠢᠯᠯᠠᠭ᠎ᠠ ᠳᠡᠭᠡᠷ᠎ᠡ ᠪᠠᠨ | ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ ᠶᠢ ᠲᠠᠶᠢᠯᠪᠤᠷᠢᠯᠠᠬᠤ ᠬᠡᠷᠡᠭᠲᠡᠢ᠃ | ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ | ᠠᠬᠢᠭᠤᠯᠤᠨ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠠᠵᠢᠯ ᠬᠢᠬᠦ ᠪᠠᠨ ᠤᠳᠠᠭᠠᠰᠢᠷᠠᠭᠤᠯᠬᠤ | ᠦᠢᠯᠡ ᠠᠵᠢᠯᠯᠠᠭ᠎ᠠ ᠠᠴᠠ ᠡᠷᠡᠰ ᠬᠠᠷᠢᠭᠤᠴᠠᠯᠭ᠎ᠠ ᠨᠡᠬᠡᠮᠵᠢᠯᠡᠵᠦ᠂ ︽ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠵᠦ᠂ | ᠬᠠᠷᠢᠭᠤᠴᠠᠯᠭ᠎ᠠ ᠨᠡᠬᠡᠮᠵᠢᠯᠡᠬᠦ ᠳᠡᠭᠡᠨ ᠵᠠᠪᠠᠯ ᠴᠢᠩᠭ᠎ᠠ ᠪᠠᠶᠢᠬᠤ︾ ᠶᠢ ᠬᠡᠪ ᠤᠨ ᠪᠠᠶᠢᠳᠠᠯ ᠪᠣᠯᠭᠠᠬᠤ ᠬᠡᠷᠡᠭᠲᠡᠢ᠃ | ᠡᠭᠦᠨ ᠤ ᠬᠠᠮᠲᠤ᠂ ᠨᠠᠮ ᠤᠨ ᠭᠡᠰᠢᠭᠦᠨ ᠺᠠᠳ᠋ᠷ ᠤᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ | ᠶᠠᠪᠤᠳᠠᠯ ᠬᠢᠵᠦ᠂ ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠠᠶᠤᠯ ᠲᠦᠭᠰᠢᠭᠦᠷᠢ ᠶᠢ | ᠲᠤᠭᠤᠯᠬᠤ ᠶᠢ ᠵᠣᠷᠢᠭᠵᠢᠭᠤᠯᠵᠤ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ | ᠴᠤᠭᠴᠠᠯᠠᠬᠤ ᠭᠤᠣᠯ ᠰᠢᠵᠢᠮ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ︽ᠬᠤᠶᠠᠷ ᠶᠡᠭᠡ | ᠶᠠᠪᠤᠳᠠᠯ︾ ᠢ ᠰᠠᠶᠢᠲᠤᠷ ᠬᠢᠬᠦ ᠵᠡᠷᠭᠡ ᠭᠤᠣᠯ ᠠᠵᠢᠯ ᠳᠡᠭᠡᠷ᠎ᠡ ᠨᠢᠭᠲᠠᠷᠠᠭᠤᠯᠵᠤ᠂ ᠨᠠᠮ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠦᠨᠳᠦᠰᠦᠯᠡᠭᠦᠯᠵᠦ᠂ ᠴᠡᠴᠡᠭᠯᠡᠨ | ᠵᠢᠮᠢᠰᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |