ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠢ ᠬᠤᠷᠠᠯᠳᠤᠭᠤᠯᠵᠡᠢ
ᠨᠡᠶᠢᠲᠡᠯᠡᠭᠰᠡᠨ ᠴᠠᠭ᠄
2025/1/26
     1 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠬᠤᠷᠠᠯᠳᠤᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠯᠢᠦ ᠬᠠᠶ ᠲᠤᠤ᠂ ᠸᠠᠩ ᠵᠢᠶᠠ ᠪᠥᠸᠧ᠂ ᠶᠤᠸᠠᠢ ᠰᠥᠩ ᠱᠠᠨ᠂ ᠨᠢᠤ ᠶᠤᠸᠠᠨ᠂ ᠬᠤᠸᠠᠩ ᠮᠠᠨ ᠯᠢᠶᠠᠩ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠯᠢ ᠰᠢᠶᠤᠤ ᠴᠢᠦ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠬᠢᠨᠠᠨ ᠪᠠᠶᠢᠴᠠᠭᠠᠬᠤ ᠲᠠᠰᠤᠭ ᠤᠨ ᠡᠷᠬᠢᠯᠡᠭᠴᠢ ᠴᠧᠨ ᠰᠧ ᠬᠤᠷᠠᠯ ᠳᠤ ᠤᠷᠤᠯᠴᠠᠭᠰᠠᠨ ᠪᠦᠭᠡᠳ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠤᠳᠤᠷᠢᠳᠤᠯᠭ᠎ᠠ ᠵᠢᠴᠢ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ᠂ ᠣᠨᠴᠠ ᠤᠷᠢᠭᠰᠠᠨ ᠬᠢᠨᠠᠨ ᠪᠠᠶᠢᠴᠠᠭᠠᠭᠴᠢ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠨᠡᠷ ᠬᠤᠷᠠᠯ ᠳᠤ ᠣᠷᠣᠯᠴᠠᠵᠠᠶ᠃    ᠰᠦᠨ ᠱᠦ ᠲᠤᠤ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠪᠠ᠃ ᠪᠥᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠬᠢᠨ ᠡᠳᠦᠷ ᠲᠤᠲᠤᠮ ᠤᠨ ᠬᠢᠨᠠᠯᠲᠠ ᠪᠠᠨ ᠪᠣᠳᠠᠲᠠᠶᠢᠵᠢᠭᠤᠯᠤᠨ ᠨᠠᠷᠢᠯᠢᠭ ᠬᠢᠵᠦ᠂ ᠴᠡᠭᠴᠡᠯᠡᠨ ᠵᠠᠰᠠᠬᠤ ᠠᠵᠢᠯ ᠢ ᠴᠢᠩᠭᠠᠳᠬᠠᠨ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠬᠦᠴᠦᠲᠡᠶ ᠪᠥᠭᠡᠳ ᠪᠦᠲᠦᠮᠵᠢᠲᠡᠶ ᠬᠢᠵᠦ᠂ ᠢᠯᠵᠠᠷᠠᠯ ᠢ ᠡᠰᠡᠷᠭᠦᠴᠡᠬᠦ ᠠᠵᠢᠯ ᠤᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠢᠯᠵᠠᠷᠠᠯ ᠢ ᠴᠢᠩᠭ᠎ᠠ ᠬᠦᠴᠦᠲᠡᠶ ᠵᠠᠯᠬᠠᠭᠠᠨ ᠰᠢᠳᠬᠡᠵᠦ᠂ ᠠᠯᠢ ᠣᠯᠠᠨ ᠦᠷ᠎ᠡ ᠪᠦᠲᠦᠭᠡᠯ ᠣᠯᠤᠭᠰᠠᠨ ᠪᠠᠶᠢᠨ᠎ᠠ ᠭᠡᠵᠡᠢ᠃    ᠰᠦᠨ ᠱᠦ ᠲᠤᠤ᠂ ᠪᠦᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠶᠡᠷᠦᠩᠬᠡᠶ ᠱᠠᠭᠠᠷᠳᠠᠯᠭ᠎ᠠ᠂ ᠴᠢᠬᠤᠯᠠ ᠶᠡᠭᠡ ᠡᠭᠦᠷᠭᠡ ᠶᠢ ᠣᠨᠣᠪᠴᠢᠲᠠᠶ ᠤᠶᠢᠯᠠᠭᠠᠨ ᠡᠵᠡᠮᠰᠢᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠴᠢᠮ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠠᠷ ᠤᠯᠤᠰ ᠲᠦᠷᠦ ᠶᠢᠨ ᠬᠢᠨᠠᠯᠲᠠ ᠶᠢᠨ ᠦᠨᠳᠦᠰᠦᠨ ᠡᠭᠦᠷᠭᠡ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠲᠠᠯ᠎ᠠ ᠪᠠᠷ ᠬᠥᠨᠳᠡᠶᠢᠷᠡᠨ ᠵᠠᠶᠢᠳᠠᠬᠤ᠂ ᠦᠵᠡᠯ ᠰᠠᠨᠠᠭᠠᠨ ᠤ ᠲᠠᠯ᠎ᠠ ᠪᠠᠷ ᠢᠯᠵᠠᠷᠠᠨ ᠳᠤᠷᠦ᠋ᠢᠲᠠᠵᠤ ᠴᠢᠨᠠᠷ ᠨᠢ ᠬᠤᠪᠢᠷᠠᠬᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠠᠶᠢᠮᠠᠭ ᠪᠦᠯᠦᠭ ᠪᠤᠰᠬᠠᠬᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠯᠡ ᠪᠠᠷ ᠲᠠᠭᠠᠵᠤ ᠳᠠᠯᠳᠠᠭᠤᠷ ᠵᠥᠷᠢᠴᠡᠬᠦ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠱᠠᠯᠠᠪᠳᠠᠵᠤ ᠪᠠᠶᠢᠭᠠᠳ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠶᠢ ᠦᠨᠡᠨ ᠬᠦ ᠨᠡᠪᠲᠡ ᠣᠶᠢᠯᠠᠭᠠᠭᠤᠯᠵᠤ᠂ ᠴᠠᠭ ᠢᠮᠠᠭᠲᠠ ᠭᠠᠵᠠᠷ ᠪᠣᠯᠭᠠᠨ ᠳᠤ ᠨᠠᠮ ᠤᠨ ᠲᠥᠪ ᠬᠤᠷᠢᠶ᠎ᠠ ᠲᠠᠢ ᠪᠠᠷᠢᠮᠵᠢᠶ᠎ᠠ ᠪᠠᠨ ᠨᠢᠭᠡᠳᠦᠯᠲᠡᠶ ᠪᠠᠶᠢᠯᠭᠠᠬᠤ ᠬᠡᠷᠡᠭᠳᠡᠢ᠃ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢᠨ ᠲᠣᠭᠤᠷᠢᠨ ᠳᠤ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ︽ᠬᠤᠶᠠᠷ ᠶᠡᠭᠡ ᠶᠠᠪᠤᠳᠠᠯ︾ ᠢ ᠦᠷᠭᠦᠯᠵᠢᠯᠡᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠬᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠲᠠᠪᠤᠨ ᠨᠢᠭᠡᠳᠦᠭᠡᠷ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠳᠠᠯᠠᠬᠤ ᠶᠢᠨ ᠲᠣᠭᠤᠷᠢᠨ ᠳᠤ ᠬᠢᠨᠠᠯᠲᠠ ᠲᠠᠯᠪᠢᠬᠤ ᠶᠢ ᠥᠷᠨᠢᠭᠦᠯᠵᠦ᠂ ᠡᠳᠦᠷ ᠲᠤᠲᠤᠮ ᠤᠨ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠭᠠᠳᠬᠠᠨ᠂ ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠵᠠᠯᠠᠭᠤ ᠺᠠᠳ᠋ᠷᠴᠤᠳ ᠢ ᠬᠦᠮᠦᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠢᠩᠭ᠎ᠠ ᠬᠦᠴᠦᠲᠡᠶ ᠤᠯᠤᠰ ᠲᠥᠷᠥ ᠶᠢᠨ ᠬᠢᠨᠠᠯᠲᠠ ᠪᠠᠷ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠰᠦᠨ ᠱᠦ ᠲᠤᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠰᠢᠨᠲᠠᠷᠠᠰᠢ ᠥᠬᠡᠶ ᠴᠢᠩᠭᠠᠳᠬᠠᠵᠤ᠂ ︽ᠳᠥᠷᠪᠡᠨ ᠰᠤᠷᠲᠠᠯ︾ ᠤᠨ ᠠᠷᠬᠠᠭ ᠭᠡᠮ ᠢ ᠡᠷᠡᠰ ᠵᠠᠰᠠᠨ ᠵᠠᠯᠠᠷᠠᠭᠤᠯᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠶ ᠲᠡᠶᠢᠨ ᠤ ᠢᠯᠠᠯᠲᠠ ᠶᠢ ᠵᠠᠪᠠᠯ ᠤᠯᠬᠤ ᠬᠡᠷᠡᠭᠲᠡᠶ᠃ ︽ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ︾ ᠶᠢᠨ ᠠᠷᠭ᠎ᠠ ᠬᠡᠯᠪᠡᠷᠢ ᠶᠢ ᠬᠡᠷᠡᠭᠯᠡᠵᠦ ᠂ ᠴᠢᠩᠭ᠎ᠠ ︽ᠵᠠᠯᠬᠠᠭᠠᠬᠤ︾᠂ ᠤᠨᠢᠨ ᠳᠡᠭᠡᠷ᠎ᠡ ᠨᠢ ︽ᠵᠠᠰᠠᠬᠤ︾᠂ ᠪᠦᠲᠦᠮᠵᠢᠲᠡᠢ ︽ᠰᠡᠷᠭᠡᠶᠢᠯᠡᠬᠦ︾ ᠶᠢ ᠨᠡᠪᠲᠡᠷᠡᠭᠦᠯᠵᠦ᠂ ︽ᠭᠤᠷᠪᠠᠨ ᠢᠯᠵᠠᠷᠠᠬᠤ ᠦᠭᠡᠢ︾ ᠶᠢ ᠡᠷᠬᠡᠪᠰᠢ ᠠᠭᠤᠰᠤᠯᠴᠠᠭᠤᠯᠬᠤ ᠪᠦᠲᠦᠮᠵᠢᠲᠡᠢ ᠠᠴᠢᠶᠠᠯᠠᠪᠤᠷᠢ ᠂ ᠦᠢᠯᠡᠳᠦᠯᠭᠡ ᠶᠢᠨ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ︽ᠵᠠᠯᠬᠠᠭᠠᠬᠤ︾ ᠪᠠᠷ ᠢᠯᠵᠠᠷᠠᠬᠤ ᠠᠴᠠ ᠵᠢᠷᠦᠬᠡᠰᠢᠶᠡᠬᠦ ᠰᠦᠷᠳᠡᠭᠦᠯᠦᠯ ᠢ ᠢᠯᠡᠷᠡᠭᠦᠯᠵᠦ᠂ ︽ᠵᠠᠰᠠᠬᠤ︾ ᠪᠠᠷ ᠢᠯᠵᠠᠷᠠᠵᠤ ᠦᠯᠦ ᠳᠡᠶᠢᠯᠬᠦ ᠬᠢᠵᠠᠭᠠᠷᠯᠠᠯ ᠢ ᠴᠢᠩᠭᠠᠳᠬᠠᠵᠤ᠂ ︽ᠰᠡᠷᠭᠡᠶᠢᠯᠡᠬᠦ︾ ᠪᠠᠷ ᠢᠯᠵᠠᠷᠠᠬᠤ ᠶᠢ ᠪᠤᠳᠤᠬᠤ ᠦᠭᠡᠢ ᠬᠠᠰᠢᠯᠭ᠎ᠠ ᠶᠢ ᠪᠠᠬᠢᠵᠢᠭᠦᠯᠵᠦ᠂ ︽ᠭᠤᠷᠪᠠᠨ ᠢᠯᠵᠠᠷᠠᠬᠤ ᠦᠭᠡᠢ︾ ᠶᠢ ᠨᠢᠭᠡ ᠴᠤᠬᠴᠠᠵᠢᠭᠤᠯᠤᠨ ᠠᠬᠢᠭᠤᠯᠬᠤ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠪᠠᠨ ᠨᠢᠭᠡᠳᠬᠡᠵᠦ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠤᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ ᠲᠥᠷᠥᠯ ᠤᠨ ᠬᠢᠨᠠᠯᠲᠠ ᠶᠢ ᠨᠡᠪᠲᠡᠷᠡᠭᠦᠯᠦᠨ ᠠᠭᠤᠰᠤᠯᠴᠠᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃   ᠬᠤᠸᠠᠩ ᠮᠠᠨ ᠯᠢᠶᠠᠩ ᠬᠤᠷᠠᠯ ᠢ ᠡᠷᠭᠢᠯᠡᠭᠰᠡᠨ ᠪᠥᠭᠡᠳ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠨᠠᠢᠮᠠᠨ ᠲᠠᠯ᠎ᠠ ᠶᠢᠨ ᠲᠣᠭᠤᠷᠢᠨ ᠳᠤ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠠᠬᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠭᠰᠠᠨ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠡᠶ᠃    ᠬᠤᠷᠠᠯ ᠳᠤ ᠣᠷᠣᠯᠴᠠᠭᠰᠠᠳ ᠪᠦᠭᠦ ᠬᠤᠰᠢᠭᠤᠨ ᠤ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠰᠡᠳᠦᠪᠲᠦ ᠹᠢᠯᠢᠮ ᠢ ᠰᠤᠨᠢᠷᠬᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号