ᠬᠤᠳᠠᠯᠠ ᠤᠯᠠᠨ ᠢᠶᠠᠷ ᠢᠶᠠᠨ ᠪᠠᠶᠠᠷᠯᠠᠨ ᠬᠥᠭᠡᠷᠦᠯᠳᠦᠵᠦ ᠬᠦᠭᠵᠢᠶᠡᠨᠳᠦ ᠪᠠᠭ᠎ᠠ ᠰᠢᠨᠡᠳ ᠢᠶᠠᠨ ᠤᠭᠲᠤᠨ᠎ᠠ
ᠨᠡᠶᠢᠲᠡᠯᠡᠭᠰᠡᠨ ᠴᠠᠭ᠄
2025/1/27
      1 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠭᠤᠣᠯ ᠠᠮᠢ ᠠᠬᠤᠢ ᠶᠢᠨ ᠴᠡᠴᠡᠷᠯᠢᠭ ᠲᠤ᠂ ᠪᠠᠭ᠎ᠠ ᠰᠢᠨᠡᠳ ᠢᠶᠠᠨ ᠤᠭᠲᠤᠬᠤ ᠠᠵᠢᠯᠯᠠᠭ᠎ᠠ ᠬᠦᠷ ᠬᠥᠭᠵᠢᠶᠡᠨ ᠲᠠᠢ ᠶᠠᠪᠤᠭᠳᠠᠵᠤ᠂ ᠰᠦᠨ ᠱᠦ ᠲᠤᠤ᠂ ᠸᠠᠩ ᠵᠢᠶᠠ ᠪᠥᠸᠧ᠂ ᠶᠤᠸᠠᠢ ᠰᠦᠩ ᠱᠠᠨ ᠵᠡᠷᠭᠡ ᠬᠤᠰᠢᠭᠤᠨ ᠤ ᠲᠦᠷᠪᠡᠨ ᠶᠡᠭᠡ ᠪᠠᠭ ᠤᠨ ᠤᠳᠤᠷᠢᠳᠤᠯᠭ᠎ᠠ ᠨᠠᠷ ᠲᠤᠰ ᠠᠵᠢᠯᠯᠠᠭ᠎ᠠ ᠳᠤ ᠣᠷᠣᠯᠴᠠᠵᠠᠢ᠃      ᠪᠠᠭ᠎ᠠ ᠰᠢᠨᠡᠳ ᠪᠤᠯ ᠲᠠᠷᠤᠢ ᠯᠠ ᠰᠠᠷ᠎ᠠ ᠶᠢᠨ ᠭᠠᠯ ᠲᠠᠬᠢᠯᠭ᠎ᠠ ᠶᠢᠨ ᠡᠳᠦᠷ ᠪᠤᠯᠤᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠭᠤᠣᠯ ᠠᠮᠢ ᠠᠬᠤᠢ ᠶᠢᠨ ᠴᠡᠴᠡᠷᠯᠢᠭ ᠲᠤ ᠦᠩᠭᠡᠳᠦ ᠳ᠋ᠧᠩ ᠭᠢᠯᠠᠯᠵᠡᠨ᠂ ᠭᠤᠣᠯ ᠤᠨ ᠬᠤᠶᠠᠷ ᠡᠷᠭᠢ ᠳᠠᠬᠢ ᠬᠡᠳᠦᠨ ᠺᠢᠯᠤᠮᠧᠲᠷ ᠦᠷᠭᠦᠯᠵᠢᠯᠡᠭᠰᠡᠨ ᠶᠠᠪᠠᠭᠠᠨ ᠵᠡᠭᠡᠯᠢ ᠪᠠᠷ ᠬᠥᠮᠦᠰ ᠤᠨ ᠳᠠᠭᠤᠨ ᠠᠯᠤᠰ ᠪᠠᠨ ᠴᠤᠤᠷᠢᠶᠠᠳᠤᠨ᠎ᠠ᠃ ︽︿ᠠᠶᠠᠯᠭᠤᠳᠤ ᠵᠢᠭᠤᠯᠴᠢᠯᠠᠯ ᠥᠪᠥᠷ ᠮᠣᠩᠭᠤᠯ ᠡᠳᠦᠷ ᠪᠦᠷᠢ ᠰᠢᠨᠡᠯᠡᠨ᠎ᠡ﹀ — ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︿ᠲᠣᠰᠬᠤᠨ ᠤ ᠦᠳᠡᠰᠢᠯᠡᠭᠡ﹀ ᠮᠠᠨᠵᠦ᠋ᠲ᠋ᠦᠨ  ᠰᠢᠶᠠᠩ ᠤᠨ ᠲᠤᠰᠬᠠᠢ ᠲᠠᠯᠠᠪᠠᠢ︾ ᠭᠡᠬᠦ ᠲᠣᠭᠯᠠᠯᠲᠠ ᠠᠯᠭᠤᠷᠬᠠᠨ ᠢᠶᠠᠷ ᠬᠥᠰᠢᠭᠡ ᠪᠠᠨ ᠰᠡᠬᠦᠪᠡ᠃ ᠮᠤᠷᠢᠨ ᠬᠤᠭᠤᠷ ᠤᠨ ᠲᠣᠭᠯᠠᠯᠲᠠ᠂ ᠮᠣᠩᠭᠤᠯ ᠦᠨᠳᠦᠰᠦᠲᠡᠨ ᠤ ᠬᠠᠳᠬᠤᠮᠠᠯ ᠤᠨ ᠦᠵᠡᠭᠦᠯᠭᠡ᠂ ᠢᠳᠡᠷᠡᠭᠦᠨ ᠰᠠᠶᠢᠬᠠᠨ ᠮᠣᠩᠭᠤᠯ ᠦᠨᠳᠦᠰᠦᠲᠡᠨ ᠤ ᠠᠷᠠᠳ ᠤᠨ ᠳᠠᠭᠤᠤ ᠶᠢᠨ ᠬᠠᠯᠠᠮᠰᠢᠯ ᠵᠡᠷᠭᠡ ᠭᠤᠶᠢᠳᠠ ᠰᠠᠶᠢᠬᠠᠨ ᠲᠣᠭᠯᠠᠯᠲᠠ ᠵᠠᠯᠭᠠᠭ᠎ᠠ ᠪᠠᠷ ᠲᠠᠯᠠᠪᠠᠢ ᠳᠤ ᠭᠠᠷᠴᠤ᠂ ᠤᠯᠠᠨ ᠤ ᠰᠣᠨᠢᠷᠬᠠᠯ ᠢ ᠲᠠᠲᠠᠪᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ 20 ᠵᠦᠢᠯ ᠤᠨ ᠪᠦᠲᠦᠭᠡᠯᠴᠢ ᠴᠢᠨᠠᠷᠲᠠᠢ ᠲᠥᠮᠥᠰᠥ ᠶᠢ ᠬᠠᠭᠤᠷᠴᠤ ᠬᠠᠭᠠᠷᠢᠬᠤ ᠠᠷᠭ᠎ᠠ ᠪᠠᠷ ᠪᠦᠷᠢᠯᠳᠦᠭᠰᠡᠨ ᠲᠥᠮᠥᠰᠥ ᠶᠢᠨ ᠳᠠᠶᠢᠯᠠᠯᠭ᠎ᠠ ᠪᠣᠯᠤᠨ ᠨᠤᠳᠤᠭ ᠤᠨ ᠲᠠᠬᠢᠶᠠᠨ ᠤ ᠱᠦᠯᠦ ᠲᠠᠢ ᠹᠧᠨᠲ᠋ᠢᠶᠤᠤᠷ᠂ ᠪᠦᠳᠦᠭᠦᠨ ᠶᠠᠰᠤ ᠲᠠᠢ ᠬᠠᠲᠠᠭᠠᠭᠰᠠᠨ ᠪᠤᠷᠴᠠᠭ᠂ ᠲᠠᠷᠢᠶᠠᠴᠢᠨ ᠠᠶᠢᠯ ᠤᠨ ᠭᠠᠭ᠋ᠠᠢ ᠶᠢᠨ ᠮᠢᠬ᠎ᠠ ᠲᠠᠢ ᠨᠣᠭᠤᠭ᠎ᠠ ᠵᠡᠷᠭᠡ 10 ᠵᠦᠢᠯ ᠤᠨ ᠲᠡᠮᠦᠷ ᠲᠣᠭᠤᠭᠠᠨ ᠳᠤ ᠴᠢᠨᠠᠭᠰᠠᠨ ᠨᠣᠭᠤᠭ᠎ᠠ ᠨᠢ ᠵᠢᠭᠤᠯᠴᠢᠯᠠᠭᠴᠢᠳ ᠤᠨ ᠠᠩᠬᠠᠷᠤᠯ ᠢ ᠲᠠᠲᠠᠵᠠᠢ᠃ ᠠᠩᠬᠢᠯᠤᠮ᠎ᠠ ᠦᠨᠦᠷ ᠬᠠᠩᠬᠤᠯᠤᠭᠰᠠᠨ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠢ ᠰᠢᠨ᠎ᠡ ᠮᠠᠶ᠋ᠢᠭ ᠢᠶᠠᠷ ᠬᠢᠵᠦ᠂ ᠵᠢᠭᠤᠯᠴᠢᠯᠠᠭᠴᠢᠳ ᠠᠮᠲᠠᠯᠠᠬᠤ ᠶᠢᠨ ᠳᠠᠭᠠᠤ ᠰᠡᠭᠦᠳᠡᠷ ᠲᠠᠲᠠᠭᠤᠯᠵᠤ ᠪᠠᠶᠢᠯ᠎ᠠ᠃    ︽ᠥᠨᠥᠳᠦᠷ ᠭᠦᠢᠯᠡᠷ ᠭᠤᠤᠯ ᠠᠮᠢ ᠠᠬᠤᠢ ᠶᠢᠨ ᠴᠡᠴᠡᠷᠯᠢᠭ ᠲᠤ ᠢᠷᠡᠵᠦ ᠪᠠᠭ᠎ᠠ ᠰᠢᠨᠡᠳ ᠢᠶᠠᠨ ᠥᠩᠭᠡᠷᠡᠭᠦᠯᠦᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠂ ᠲᠣᠭᠯᠠᠯᠲᠠ ᠶᠢ ᠦᠵᠡᠭᠡᠳ ᠪᠠᠰᠠ ᠠᠮᠲᠠᠲᠤ ᠢᠳᠡᠭᠡᠨ ᠢ ᠠᠮᠲᠠᠯᠠᠵᠤ᠂ ᠮᠠᠰᠢ ᠬᠦᠷ ᠬᠥᠭᠵᠢᠶᠡᠨ ᠲᠠᠢ ᠪᠠᠶᠢᠨ᠎ᠠ᠂ ᠤᠯᠠᠨ ᠢᠶᠠᠷ ᠢᠶᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠵᠢᠭᠤᠯᠴᠢᠯᠠᠬᠤ ᠪᠠᠷ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ︾ ᠭᠡᠵᠦ ᠵᠢᠭᠤᠯᠴᠢᠯᠠᠭᠴᠢ ᠬᠤᠸᠠᠩ ᠬᠤᠩ ᠴᠢᠨ ᠬᠡᠯᠡᠪᠡ᠃     ᠯᠠ ᠰᠠᠷ᠎ᠠ ᠶᠢᠨ ᠬᠤᠷᠢᠨ ᠭᠤᠷᠪᠠᠨ ᠤ ᠰᠥᠨᠢ ᠬᠠᠮᠲᠤ ᠪᠠᠷ ᠭᠠᠯ ᠳᠠᠬᠢᠬᠤ ᠪᠣᠯ ᠥᠷᠭᠡᠨ ᠤᠯᠠᠨ ᠮᠠᠯᠴᠢᠨ ᠲᠠᠷᠢᠶᠠᠴᠢᠨ ᠤ ᠴᠢᠬᠤᠯᠠ ᠵᠠᠩ ᠦᠢᠯᠡ ᠪᠣᠯᠤᠨ᠎ᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠨᠡᠶᠢᠭᠡᠮᠯᠢᠭ ᠪᠠ ᠬᠤᠰᠢᠭᠤᠨ ᠤ ᠨᠠᠮ ᠣᠯᠠᠨ ᠲᠦᠮᠡᠨ ᠤ ᠠᠵᠢᠯ  ᠤᠨ ᠦᠢᠯᠡᠴᠢᠯᠡᠭᠡᠨ ᠤ ᠲᠥᠪ ᠠᠴᠠ ᠬᠠᠮᠲᠤᠷᠠᠨ ᠡᠷᠭᠢᠯᠡᠭᠰᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 13 ᠳ᠋ᠤᠭᠠᠷ ᠤᠳᠠᠭᠠᠨ ᠤ ᠬᠤᠲᠠ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠮᠲᠤ ᠶᠢᠨ ᠭᠠᠯ ᠲᠠᠬᠢᠯᠭ᠎ᠠ ᠶᠢᠨ ᠠᠵᠢᠯᠯᠠᠭ᠎ᠠ ᠨᠢ ᠬᠠᠷᠠᠩᠭᠤᠶ ᠶᠢ ᠡᠪᠳᠡᠵᠦ᠂ ᠰᠥᠨᠢ ᠶᠢᠨ ᠣᠭᠲᠠᠷᠭᠤᠶ ᠶᠢ ᠭᠡᠷᠡᠯᠲᠦᠭᠦᠯᠵᠡᠶ᠃ ᠭᠠᠯ ᠳᠠᠬᠢᠬᠤ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠪᠣᠯᠤᠭᠰᠠᠨ ᠤ ᠬᠤᠪᠢ ᠳᠤ᠂ ᠪᠠᠶᠠᠷ ᠤᠨ ᠡᠳᠦᠷ ᠤᠨ ᠰᠢᠨ᠎ᠡ ᠬᠡᠪ ᠰᠤᠷᠲᠠᠯ ᠢ ᠬᠦᠳᠦᠯᠦᠨ ᠳᠠᠭᠠᠭᠤᠯᠵᠤ᠂ ᠲᠤᠬᠠᠢ ᠶᠢᠨ ᠲᠠᠯᠠᠪᠠᠢ ᠶᠢᠨ ᠰᠠᠭᠤᠭᠠᠯᠢ ᠠᠷᠠᠳ ᠵᠢᠴᠢ ᠵᠢᠭᠤᠯᠴᠢᠯᠠᠭᠴᠢᠳ ᠤᠨ ᠭᠠᠯ ᠳᠠᠬᠢᠬᠤ ᠪᠠᠷ ᠳᠠᠮᠵᠢᠭᠤᠯᠵᠤ᠂ ᠡᠬᠡ ᠪᠠᠶᠢᠭᠠᠯᠢ ᠶᠢ ᠡᠷᠬᠢᠮᠯᠡᠨ ᠳᠡᠭᠡᠳᠦᠯᠡᠬᠦ ᠪᠠ ᠠᠴᠢ ᠬᠠᠷᠢᠭᠤᠯᠬᠤ ᠪᠠᠨ ᠢᠯᠡᠳᠬᠡᠵᠦ᠂ ᠦᠨᠳᠦᠰᠦᠲᠡᠨ ᠤ ᠰᠣᠶᠣᠯ ᠢ ᠤᠯᠠᠮᠵᠢᠯᠠᠵᠤ᠂ ᠨᠤᠲᠤᠭ ᠤᠨ ᠢᠶᠠᠨ ᠵᠠᠩ ᠳᠠᠳᠬᠠᠯ ᠢ ᠪᠡᠶᠡᠴᠢᠯᠡᠨ ᠣᠶᠢᠯᠠᠭᠠᠵᠤ᠂ ᠬᠦᠭᠡᠭᠴᠢᠨ ᠮᠤᠭᠠᠢ ᠵᠢᠯ ᠳᠡᠭᠡᠨ ᠬᠤᠷ᠎ᠠ ᠪᠣᠷᠣᠭᠠᠨ ᠲᠡᠭᠰᠢ᠂ ᠲᠠᠪᠤᠨ ᠲᠠᠷᠢᠶ᠎ᠠ ᠡᠯᠪᠡᠭ ᠬᠤᠷᠢᠶᠠᠯᠲᠠ ᠲᠠᠢ᠂ ᠲᠠᠪᠤᠨ ᠬᠤᠰᠢᠭᠤ ᠮᠠᠯ ᠬᠥᠭᠵᠢᠯ ᠪᠠᠳᠠᠷᠠᠯ ᠲᠠᠢ ᠪᠠᠶᠢᠬᠤ ᠶᠢ ᠬᠦᠰᠡᠨ ᠳᠠᠭᠠᠳᠬᠠᠵᠤ᠂ ᠬᠥᠭᠵᠢᠯ ᠪᠠᠳᠠᠷᠠᠯ ᠲᠠᠢ ᠴᠠᠭ ᠦᠶ᠎ᠡ ᠶᠢᠨ ᠰᠢᠨ᠎ᠡ ᠵᠢᠯ ᠢᠶᠠᠨ ᠬᠠᠮᠲᠤᠪᠠᠷ ᠤᠭᠳᠤᠬᠤ ᠶᠢ ᠬᠦᠰᠡᠨ ᠳᠠᠭᠠᠳᠬᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号