| ᠤᠶᠢᠷ᠎ᠠ ᠶᠢᠨ ᠵᠢᠯ ᠠᠴᠠ ᠨᠠᠭᠠᠰᠢ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤ ᠡᠯᠪᠡᠭ ᠪᠠᠶᠠᠯᠢᠭ ᠮᠦᠰᠦ | ᠴᠠᠰᠦᠨ ᠤ ᠡᠬᠢ ᠪᠠᠶᠠᠯᠢᠭ ᠲᠠᠭᠠᠨ ᠲᠦᠰᠢᠭᠯᠡᠨ᠂ ︽ᠮᠦᠰᠦ ᠴᠠᠰᠦᠨ ᠲᠡᠭᠡᠷᠡᠬᠢ ᠡᠮᠦᠨᠡᠳᠤ ᠬᠤᠰᠢᠭᠤ ᠰᠤᠶᠤᠯ | ᠵᠢᠭᠤᠯᠴᠢᠯᠠᠯ ᠪᠡᠶ᠎ᠡ ᠶᠢᠨ ᠲᠠᠮᠢᠷ ᠤᠨ ᠨᠠᠶᠢᠷ︾ ᠤᠨ ᠨᠡᠷ᠎ᠡ ᠲᠠᠮᠳᠡᠭ ᠢ ᠡᠬᠦᠳᠴᠦ᠂ ᠮᠦᠰᠦ ᠴᠠᠰᠦᠨ ᠤ ᠠᠵᠢᠯᠯᠠᠭ᠎ᠠ᠂ | ᠮᠦᠰᠦ ᠴᠠᠰᠦᠨ ᠤ ᠵᠢᠭᠤᠯᠴᠢᠯᠠᠯ᠂ ᠮᠦᠰᠦ ᠴᠠᠰᠦᠨ ᠤ ᠠᠵᠦ ᠠᠬᠤᠢ᠂ ᠮᠦᠰᠦ ᠴᠠᠰᠦᠨ ᠤ ᠰᠤᠶᠤᠯ ᠤᠨ | ᠬᠦᠭᠵᠢᠯᠳᠡ ᠶᠢ ᠲᠦᠯᠬᠢᠨ ᠠᠬᠢᠭᠤᠯᠵᠦ᠂ ᠮᠦᠰᠦ ᠴᠠᠰᠦᠨ ᠤ ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠠᠮᠢᠵᠢᠷᠠᠯ ᠤᠨ | ᠬᠦᠴᠦᠨ ᠢ ᠲᠠᠰᠦᠷᠠᠯᠳᠠ ᠦᠬᠡᠢ ᠬᠦᠭᠵᠢᠬᠡᠵᠦ᠂ ᠮᠦᠰᠦ ᠴᠠᠰᠦᠨ ᠤ ᠵᠢᠭᠤᠯᠴᠢᠯᠡᠯ ᠤᠨ ᠠᠵᠦ ᠦᠢᠯᠡᠰ ᠤᠨ ᠴᠢᠨᠠᠷ | ᠰᠠᠶᠢᠳᠠᠢ ᠬᠦᠭᠵᠢᠯᠳᠡ ᠶᠢ ᠠᠬᠢᠭᠤᠯᠵᠦ ᠪᠠᠶᠢᠨ᠎ᠠ᠃ | ᠡᠮᠦᠨᠡᠳᠤ ᠬᠤᠰᠢᠭᠤ ᠮᠦᠰᠦ ᠴᠠᠰᠦᠨ ᠤ ᠵᠢᠭᠤᠯᠴᠢᠯᠠᠯ ᠤᠨ ᠲᠦᠷᠦᠯ ᠲᠡᠮᠳᠡᠭ ᠢ ᠡᠬᠦᠳᠬᠦ ᠪᠠᠷ ᠴᠢᠷᠮᠠᠶᠢᠵᠦ᠂ ︽ | ᠮᠦᠰᠦ ᠴᠠᠰᠦ + ᠠᠷᠠᠳ ᠤᠨ ᠵᠠᠩ ᠦᠢᠯᠡ︾ ︽ᠮᠦᠰᠦ ᠴᠠᠰᠦ + ᠮᠠᠰᠢᠨ ᠲᠡᠷᠭᠡ︾ ︽ᠮᠦᠰᠦ ᠴᠠᠰᠦ + | ᠪᠤᠳᠠᠰ ᠤᠨ ᠪᠤᠰᠤ ᠰᠤᠶᠤᠯ ᠤᠨ ᠦᠪ︾ ᠵᠡᠷᠭᠡ ᠤᠯᠠᠨ ᠬᠡᠯᠪᠡᠷᠢ ᠶᠢᠨ ᠦᠢᠯᠡᠰ ᠤᠨ ᠠᠭᠤᠰᠤᠯᠴᠠᠯ ᠬᠦᠭᠵᠢᠯᠳᠡ ᠶᠢ | ᠠᠬᠢᠭᠤᠯᠵᠦ᠂ ᠮᠦᠰᠦ ᠴᠠᠰᠦᠨ ᠤ ᠠᠵᠦ ᠦᠢᠯᠡᠰ ᠤᠨ ᠬᠡᠯᠬᠢᠶ᠎ᠡ ᠶᠢ ᠤᠯᠠᠮ ᠨᠢᠬᠡ ᠠᠯᠬᠤᠮ ᠤᠷᠳᠤᠳᠬᠠᠵᠦ᠂ | ᠰᠤᠶᠤᠯ ᠵᠢᠭᠤᠯᠴᠢᠯᠠᠯ ᠤᠨ ᠠᠵᠦ ᠠᠬᠤᠢ ᠶᠢ ᠰᠠᠶᠢᠳᠦᠷ ᠬᠦᠭᠵᠢᠬᠦᠯᠵᠦ᠂ ᠡᠮᠦᠨᠡᠳᠤ ᠬᠤᠰᠢᠭᠤᠨ ᠤ ᠮᠦᠰᠦ | ᠴᠠᠰᠦᠨ ᠤ ᠵᠢᠭᠤᠯᠴᠢᠯᠠᠯ ᠤᠨ ᠲᠦᠷᠦᠯ ᠲᠡᠮᠳᠡᠭ ᠢ ᠦᠷᠬᠦᠯᠵᠢᠯᠡᠨ ᠠᠯᠳᠠᠷᠰᠢᠭᠤᠯᠵᠦ ᠪᠠᠶᠢᠨ᠎ᠠ᠃ ᠪᠠᠰᠠ ᠠᠮᠢ | ᠠᠬᠤᠢ ᠶᠢᠨ ᠵᠢᠭᠤᠯᠴᠢᠯᠠᠯ ᠤᠨ ᠡᠬᠢ ᠪᠠᠶᠠᠯᠢᠭ ᠲᠤ ᠴᠢᠭᠯᠡᠭᠦᠯᠦᠨ᠂ ᠠᠮᠢ ᠠᠬᠤᠢ ᠶᠢᠨ ᠤᠷᠴᠢᠨ ᠲᠤᠭᠤᠷᠢᠨ ᠢ | ᠰᠠᠶᠢᠵᠢᠷᠠᠭᠤᠯᠬᠤ᠂ ᠭᠤᠶᠤ ᠰᠠᠶᠢᠬᠠᠨ ᠬᠦᠳᠡᠭᠡ ᠲᠤᠰᠬᠤᠨ ᠢ ᠪᠠᠶᠢᠭᠤᠯᠬᠤ᠂ ᠵᠢᠭᠤᠯᠴᠢᠯᠠᠯ ᠤᠨ ᠠᠵᠦ ᠠᠬᠤᠢ ᠶᠢᠨ | ᠬᠦᠭᠵᠢᠯᠳᠡ ᠶᠢ ᠠᠬᠢᠭᠤᠯᠬᠤ ᠰᠢᠨ᠎ᠠ ᠵᠠᠮ ᠢ ᠡᠷᠢᠯᠬᠢᠯᠡᠵᠦ ᠪᠠᠶᠢᠨ᠎ᠠ᠃ ᠡᠭᠦᠨ ᠤ ᠬᠠᠮᠲᠦ ᠭᠤᠤᠯ ᠰᠡᠳᠤᠪᠲᠦ ᠮᠦᠰᠦ | ᠴᠠᠰᠦᠨ ᠤ ᠵᠢᠭᠤᠯᠴᠢᠯᠠᠯ ᠤᠨ ᠨᠠᠶᠢᠷ ᠡᠷᠬᠢᠯᠡᠭᠰᠡᠨ ᠪᠦᠭᠡᠳ ᠬᠦᠳᠡᠭᠡ ᠲᠤᠰᠬᠤᠨ ᠤ ᠶᠠᠩᠭᠠᠷ ᠪᠦᠵᠢᠭ ᠤᠨ ᠲᠤᠭᠤᠷᠢᠨ | ᠲᠤᠬᠯᠠᠯᠳᠠ᠂ ᠴᠡᠴᠡᠭᠳᠤ ᠳ᠋ᠤᠩ ᠰᠤᠨᠢᠷᠬᠠᠬᠤ ᠵᠡᠷᠭᠡ ᠡᠯᠪᠡᠭ ᠠᠭᠤᠯᠭ᠎ᠠ ᠪᠦᠬᠦᠢ ᠠᠵᠢᠯᠯᠠᠭ᠎ᠠ ᠶᠢ ᠲᠤᠬᠢᠷᠠᠭᠤᠯᠦᠨ | ᠶᠠᠪᠤᠬᠳᠠᠭᠤᠯᠵᠦ᠂ ᠤᠯᠠᠨ ᠲᠦᠮᠡᠨ ᠤ ᠵᠢᠭᠤᠯᠴᠢᠯᠠᠵᠦ ᠨᠠᠭᠠᠳᠬᠤ ᠱᠠᠭᠠᠷᠳᠠᠯᠭ᠎ᠠ ᠶᠢ ᠬᠠᠨᠭ᠍ᠭᠠᠵᠠᠢ᠃ | ᠤᠶᠢᠷ᠎ᠠ ᠶᠢᠨ ᠵᠢᠯ ᠳᠤ᠂ ᠡᠮᠦᠨᠡᠳᠤ ᠬᠤᠰᠢᠭᠤ ᠪᠠᠰᠠ ᠡᠬᠢ ᠪᠠᠶᠠᠯᠢᠭ ᠤᠨ ᠲᠠᠪᠠᠭᠤᠯᠢᠭ ᠲᠠᠭᠠᠨ ᠰᠠᠭᠤᠷᠢᠯᠠᠨ᠂ | ᠠᠷᠡᠳ ᠤᠯᠠᠨ ᠤ ᠳᠤᠷ᠎ᠠ ᠰᠤᠨᠢᠷᠬᠠᠯᠲᠦ ᠴᠢᠭᠯᠡᠭᠦᠯᠦᠨ ᠵᠢᠭᠠᠰᠦ ᠬᠦᠬᠢᠳᠡᠬᠦ ᠰᠤᠶᠤᠯ ᠤᠨ ᠨᠠᠶᠢᠷ᠂ ᠵᠠᠰᠠᠬᠳᠤ | ᠳ᠋ᠧᠩ ᠤᠨ ᠦᠵᠡᠬᠦᠯᠬᠡ᠂ ᠴᠠᠭᠠᠨ ᠰᠠᠷ᠎ᠠ ᠶᠢᠨ ᠬᠤᠭᠤᠴᠠᠭᠠᠨ ᠤ ᠶᠠᠩᠭᠠᠷ ᠪᠦᠵᠢᠭ ᠤᠨ ᠲᠤᠭᠤᠷᠢᠨ ᠲᠤᠬᠯᠠᠯᠳᠠ᠂ | ᠴᠠᠰᠦᠳᠤ ᠲᠠᠯ᠎ᠠ ᠪᠠᠷ ᠮᠠᠰᠢᠨ ᠵᠢᠯᠤᠭᠤᠳᠬᠤ ᠵᠡᠷᠭᠡ ᠤᠯᠠᠨ ᠬᠡᠯᠪᠡᠷᠢ ᠶᠢᠨ ᠮᠦᠰᠦ ᠴᠠᠰᠦᠨ ᠤ ᠠᠵᠢᠯᠯᠠᠭ᠎ᠠ | ᠦᠷᠨᠢᠬᠦᠯᠵᠦ᠂ ᠮᠦᠰᠦ ᠴᠠᠰᠦᠨ ᠤ ᠰᠤᠶᠤᠯ ᠤᠨ ᠠᠭᠤᠯᠤᠬᠳᠠᠬᠤᠨ ᠢ ᠪᠠᠶᠠᠯᠢᠬᠵᠢᠭᠤᠯᠵᠦ᠂ ᠮᠦᠰᠦ ᠴᠠᠰᠦᠨ ᠤ | ᠲᠦᠷᠦᠯ ᠲᠡᠮᠳᠡᠭ ᠢ ᠡᠬᠦᠳᠴᠦ᠂ ︽ᠮᠦᠰᠦ ᠴᠠᠰᠦᠨ ᠤ ᠵᠢᠭᠤᠯᠴᠢᠯᠠᠯ︾᠂ ︽ᠮᠦᠰᠦ ᠴᠠᠰᠦᠨ ᠤ ᠪᠡᠶ᠎ᠡ ᠶᠢᠨ ᠲᠠᠮᠢᠷ | ︾ ᠢᠶᠠᠷ ᠭᠤᠤᠯ ᠪᠤᠯᠭᠠᠬᠰᠠᠨ ᠮᠦᠰᠦ ᠴᠠᠰᠦᠨ ᠤ ᠠᠵᠦ ᠦᠢᠯᠡᠰ ᠤᠨ ᠬᠦᠭᠵᠢᠯᠳᠡ ᠶᠢᠨ ᠰᠢᠰᠲᠤᠮ ᠢ ᠪᠠᠶᠢᠭᠤᠯᠵᠦ᠂ | ᠮᠦᠰᠦ ᠴᠠᠰᠦᠨ ᠤ ᠦᠵᠡᠮᠵᠢ ᠶᠢ ᠰᠤᠨᠢᠷᠬᠠᠬᠤ ᠬᠦᠷᠢᠶᠡᠯᠡᠩ ᠪᠠ ᠮᠦᠰᠦ ᠴᠠᠰᠦ ᠶᠢ ᠪᠡᠶᠡᠴᠢᠯᠡᠨ ᠤᠶᠢᠯᠠᠭᠠᠬᠤ | ᠲᠠᠯᠠᠪᠦᠷ ᠭᠠᠵᠠᠷ ᠭᠠᠷᠭᠠᠵᠦ᠂ ᠤᠯᠠᠨ ᠲᠦᠮᠡᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠤᠬᠰᠠᠨ ᠪᠠᠶᠢᠨ᠎ᠠ᠃ | ︵ᠳᠠᠷᠬᠠᠨ︶ | |