ᠡᠮᠤᠨᠡᠳᠤ ᠬᠤᠰᠢᠭᠤᠨ ᠤ ᠢᠳᠡᠬᠡᠨ ᠤᠮᠳᠠᠭᠠᠨ ᠤ ᠰᠠᠨᠠᠭ᠎ᠠ ᠠᠮᠤᠷ ᠬᠡᠷᠡᠭᠯᠡᠭᠡᠨ ᠤ ᠵᠡᠭᠡᠯᠢ ᠦᠪᠠᠷᠳᠡᠭᠡᠨ ᠵᠠᠰᠠᠬᠤ ᠤᠷᠤᠨ ᠤ ᠰᠢᠯᠭᠠᠨ ᠪᠠᠶᠢᠴᠠᠭᠠᠯᠳᠠ ᠶᠢ ᠦᠡᠭᠬᠡᠷᠡᠬᠡᠪᠡ
ᠨᠡᠶᠢᠲᠡᠯᠡᠭᠰᠡᠨ ᠴᠠᠭ᠄
2025/1/3
     ᠢᠳᠡᠭᠡᠨ ᠤᠮᠳᠠᠭᠠᠨ ᠤ ᠠᠵᠢᠯ ᠦᠢᠯᠡᠰ ᠤᠨ ᠦᠢᠯᠡᠴᠢᠯᠡᠭᠡᠨ ᠤ ᠶᠠᠰᠤ ᠴᠢᠨᠠᠷ ᠪᠠ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠪᠠᠷ᠂ 2024 ᠤᠨ ᠳᠤ ᠠᠶᠢᠮᠠᠭ ᠤᠨ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠠᠵᠢᠯ ᠤᠨ ᠰᠡᠳᠬᠢᠴᠠ ᠪᠠᠨ ᠰᠢᠨᠡᠳᠭᠡᠨ᠂ ᠢᠳᠡᠭᠡᠨ ᠤᠮᠳᠠᠭᠠᠨ ᠤ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠵᠡᠭᠡᠯᠢ ᠶᠢ ᠪᠦᠳᠤᠭᠡᠨ ᠪᠠᠶᠢᠭᠤᠯᠬᠤ ᠠᠵᠢᠯ ᠢ ᠢᠳᠡᠪᠬᠢᠳᠠᠢ ᠦᠷᠨᠢᠬᠦᠯᠵᠤ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠬᠤᠷᠴᠢᠨ ᠪᠠᠯᠭᠠᠰᠤ ᠶᠢᠨ ᠵᠠᠰᠠᠭᠳᠤ ᠪᠠᠷᠠᠭᠤᠨ ᠵᠡᠭᠡᠯᠢ ᠵᠡᠷᠭᠡ 10 ᠰᠠᠨᠠᠭ᠎ᠠ ᠠᠮᠤᠷ ᠬᠡᠷᠡᠭᠯᠡᠭᠡᠨ ᠤ ᠵᠡᠭᠡᠯᠢ ᠶᠢ ᠪᠦᠳᠤᠭᠡᠨ ᠪᠠᠶᠢᠭᠤᠯᠵᠤ ᠰᠢᠨ᠎ᠠ ᠰᠢᠪᠳᠤᠯᠤᠯᠳᠠ ᠶᠢ ᠪᠡᠶᠡᠯᠡᠬᠦᠯᠪᠡ᠃ ᠤᠶᠢᠷ᠎ᠠ ᠶᠢᠨ ᠡᠳᠤᠷ᠂ ᠲᠤᠰ ᠵᠡᠭᠡᠯᠢ ᠨᠢ ᠦᠪᠠᠷᠳᠡᠭᠡᠨ ᠵᠠᠰᠠᠬᠤ ᠤᠷᠤᠨ ᠤ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠶᠢᠨ ᠰᠢᠯᠭᠠᠨ ᠪᠠᠶᠢᠴᠠᠭᠠᠯᠳᠠ ᠶᠢ ᠦᠩᠭᠡᠷᠡᠭᠡᠪᠡ᠃     ᠡᠬᠦᠳᠤᠨ ᠪᠠᠶᠢᠭᠤᠯᠬᠤ ᠠᠵᠢᠯ ᠢ ᠦᠷᠨᠢᠬᠦᠯᠥᠭᠰᠡᠨ ᠠᠴᠠ ᠨᠠᠭᠠᠰᠢ᠂ ᠬᠢᠩᠭᠠᠨ ᠠᠶᠢᠮᠠᠭ ᠤᠨ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ︽ᠭᠤᠤᠯᠳᠠᠯᠭ᠎ᠠ ᠪᠠᠨ ᠲᠤᠪᠤᠶᠢᠯᠭᠠᠬᠤ᠂ ᠤᠨᠴᠠᠯᠢᠭ ᠢ ᠡᠬᠦᠳᠬᠦ᠂ ᠵᠢᠱᠢᠶᠡᠴᠢ ᠶᠢ ᠲᠠᠶᠢᠴᠢᠯᠠᠨ ᠲᠠᠭᠠᠭᠤᠯᠬᠤ᠂ ᠬᠠᠮᠳᠤᠪᠠᠷ ᠡᠬᠦᠳᠴᠤ ᠬᠠᠮᠳᠤᠪᠠᠷ ᠵᠠᠰᠠᠬᠤ︾ ᠠᠵᠢᠯ ᠤᠨ ᠰᠡᠳᠬᠢᠴᠠ ᠶᠢ ᠪᠠᠷᠢᠮᠳᠠᠯᠠᠨ᠂ ᠠᠶᠢᠮᠠᠭ ᠬᠤᠰᠢᠭᠤ ᠬᠤᠶᠠᠷ ᠱᠠᠳᠤᠨ ᠤ ᠭᠤᠤᠯ ᠬᠠᠷᠢᠭᠤᠴᠠᠯᠭᠠᠳᠠᠨ ᠠᠴᠠ ᠠᠵᠢᠯ ᠤᠨ ᠬᠠᠷᠢᠭᠤ ᠮᠡᠳᠡᠬᠦᠯᠤᠯᠳᠠ ᠶᠢ ᠰᠤᠨᠤᠰᠴᠤ᠂ ᠴᠠᠭ ᠲᠤᠬᠠᠢ ᠳᠤᠨᠢ ᠪᠤᠳᠠᠳᠠᠢ ᠠᠰᠠᠭᠤᠳᠠᠯ ᠢ ᠰᠤᠳᠤᠯᠤᠨ ᠰᠶᠢᠳᠪᠤᠷᠢᠯᠡᠵᠤ ᠂ ᠴᠢᠩᠭ᠎ᠠ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠴᠢᠩᠭ᠎ᠠ ᠠᠷᠭ᠎ᠠ ᠠᠪᠴᠠᠯ ᠢ ᠪᠠᠷᠢᠮᠳᠠᠯᠠᠨ᠂ ᠪᠦᠬᠦ᠋ᠯᠠ ᠰᠠᠨᠠᠭ᠎ᠠ ᠠᠮᠤᠷ ᠬᠡᠷᠡᠭᠯᠡᠭᠡᠨ ᠤ ᠵᠡᠭᠡᠯᠢ ᠶᠢ ᠡᠬᠦᠳᠤᠨ ᠪᠠᠶᠢᠭᠤᠯᠬᠤ ᠶᠠᠪᠤᠴᠠ ᠳᠤ ᠲᠤᠭᠤᠰᠢᠯᠠᠭᠤᠯᠵᠤ᠂ ᠡᠬᠦᠳᠤᠨ ᠪᠠᠶᠢᠭᠤᠯᠬᠤ ᠠᠵᠢᠯ ᠢᠶᠠᠨ ᠠᠮᠵᠢᠯᠳᠠᠳᠠᠢ ᠪᠡᠶᠡᠯᠡᠬᠦᠯᠪᠠ᠃     ᠡᠮᠤᠨᠠᠳᠤ ᠬᠤᠰᠢᠭᠤᠨ ᠤ ᠬᠤᠷᠴᠢᠨ ᠪᠠᠯᠭᠠᠰᠤ ᠶᠢᠨ ᠵᠠᠰᠠᠭᠳᠤ ᠪᠠᠷᠠᠭᠤᠨ ᠵᠡᠭᠡᠯᠢ ᠨᠢ ᠡᠮᠤᠨᠡᠳᠤ ᠬᠤᠰᠢᠭᠤᠨ ᠤ ᠮᠸᠢ ᡁᠢ ᠵᠢᠩ ᠨᠡᠶᠢᠭᠡᠮ ᠲᠤᠭᠤᠷᠢᠭ ᠤᠨ ᠬᠤᠶᠢᠳᠤ ᠵᠡᠭᠡᠯᠢ ᠳᠤ ᠪᠠᠶᠢᠷᠢᠯᠠᠵᠦ᠂ ᠪᠦᠬᠦ ᠤᠷᠳᠤ ᠨᠢ 500 ᠮᠤᠲᠷ᠂ ᠡᠵᠡᠩᠨᠡᠯᠳᠠ ᠶᠢᠨ ᠲᠠᠯᠠᠪᠠᠢ 5800 ᠲᠡᠭᠰᠢ ᠲᠦᠷᠪᠡᠯᠵᠢᠨ ᠮᠤᠳ᠋ᠷ ᠲᠠᠯᠠᠪᠠᠢ ᠲᠠᠢ ᠪᠠᠶᠢᠵᠦ᠂ ᠡᠵᠡᠩᠨᠡᠯᠳᠠ ᠶᠢᠨ ᠬᠡᠯᠪᠡᠷᠢ ᠡᠯᠪᠡᠭ ᠪᠠᠶᠠᠯᠢᠭ᠂ ᠲᠦᠷᠤᠯ ᠵᠦᠢᠯ ᠪᠦᠷᠢᠨ ᠲᠦᠬᠦᠷ᠂ ᠢᠳᠡᠭᠡᠨ ᠤᠮᠳᠠᠭᠠᠨ ᠤ ᠲᠡᠯᠭᠡᠬᠦᠷ ᠨᠢ ᠲᠤᠭᠤᠭᠠᠨ ᠭᠡᠷ ᠢᠶᠠᠨ ᠵᠠᠰᠠᠨ ᠰᠢᠨᠡᠳᠭᠡᠨ ᠲᠡᠰ ᠲᠡᠪᠰᠢᠬᠦᠯᠵᠤ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠯᠳᠠ ᠬᠢᠵᠤ ᠰᠤᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠪᠡ᠃     ᠡᠮᠤᠨᠠᠳᠤ ᠬᠤᠰᠢᠭᠤ ᠰᠠᠨᠠᠭ᠎ᠠ ᠠᠮᠤᠷ ᠬᠡᠷᠡᠭᠯᠡᠭᠡᠨ ᠤ ᠵᠡᠭᠡᠯᠢ ᠶᠢ ᠡᠬᠦᠳᠤᠨ ᠪᠠᠶᠢᠭᠤᠯᠬᠤ ᠪᠠᠷ ᠲᠠᠮᠵᠢᠨ ᠢᠳᠡᠭᠡᠨ ᠤ ᠠᠮᠤᠷ ᠲᠦᠪᠰᠢᠨ ᠤ ᠬᠡᠪ ᠲᠠᠭᠤᠷᠢᠶᠠᠯ ᠢ ᠱᠤᠭᠤᠵᠤ᠂ ᠵᠢᠱᠢᠶᠡᠴᠢ ᠲᠠᠶᠢᠴᠢᠯᠠᠬᠤ ᠦᠢᠯᠡᠳᠤᠯ ᠢ ᠪᠠᠳᠠᠷᠠᠭᠤᠯᠤᠨ᠂ ︽ᠨᠢᠬᠡ ᠲᠡᠯᠬᠡᠬᠦᠷ ᠨᠢᠭᠡ ᠵᠡᠭᠡᠯᠢ ᠶᠢ ᠲᠠᠶᠢᠴᠢᠯᠠᠨ᠂ ᠨᠢᠭᠡ ᠵᠡᠭᠡᠯᠢ ᠨᠢ ᠨᠢᠭᠡ ᠬᠤᠳᠠ ᠶᠢ ᠲᠠᠶᠢᠴᠢᠯᠠᠬᠤ︾ ᠤᠬᠢ ᠰᠠᠶᠢᠨ ᠪᠠᠶᠢᠳᠠᠯ ᠢ ᠡᠬᠦᠳᠪᠠ᠃ ︵ᠴᠠᠶᠢᠯᠭᠠᠨ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号