ᠡᠮᠦᠨᠡᠳᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠬᠦᠳᠡᠭᠡ ᠳᠤᠰᠬᠤᠨ ᠮᠠᠯᠵᠢᠬᠤ ᠤᠷᠤᠨ ᠢᠶᠠᠷ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠢᠪᠡ
ᠨᠡᠶᠢᠲᠡᠯᠡᠭᠰᠡᠨ ᠴᠠᠭ᠄
2025/1/3
     ᠤᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠶᠢᠨ ᠠᠷᠠᠳ ᠤᠨ ᠴᠠᠬᠳᠠᠭ᠎ᠠ ᠬᠠᠷᠢᠶᠠᠳᠦ ᠤᠷᠤᠨ ᠤ ᠬᠦᠳᠡᠭᠡ ᠳᠤᠰᠬᠤᠨ ᠮᠠᠯᠵᠢᠬᠤ ᠤᠷᠤᠨ ᠢᠶᠠᠷ ᠬᠦᠨᠵᠡᠭᠡᠶᠢᠷᠡᠨ᠂ ︽ᠦᠵᠡᠰᠬᠦᠯᠡᠩᠳᠦ ᠰᠠᠶᠢᠬᠠᠨ ᠬᠦᠳᠡᠭᠡ ᠳᠤᠰᠬᠤᠨ ᠤ ᠠᠶᠠᠯᠠᠯ︾ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠦ᠂ ᠡᠪᠤᠯ ᠤᠨ ᠤᠯᠠᠷᠢᠯ ᠤᠨ ᠬᠦᠳᠡᠭᠡ ᠳᠤᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠤᠷ ᠢ ᠪᠠᠬᠢᠵᠢᠬᠦᠯᠵᠠᠢ᠃      ᠡᠮᠦᠨᠡᠳᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ︽ᠦᠵᠡᠰᠬᠦᠯᠠᠩᠳᠦ ᠰᠠᠶᠢᠬᠠᠨ ᠬᠦᠳᠡᠭᠡ ᠳᠤᠰᠬᠤᠨ ᠤ ᠠᠶᠠᠯᠠᠯ︾ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠭᠤᠷᠢᠨ ᠤᠬᠠᠭᠤᠯᠬᠤ ᠠᠵᠢᠯᠯᠠᠭ᠎ᠠ ᠪᠠᠷ ᠳᠤᠬᠢᠶᠠᠯ ᠪᠤᠯᠭᠠᠨ᠂ ᠶᠡᠭᠡ ᠳᠤᠮᠳᠠ ᠠᠩᠬᠢ ᠶᠢᠨ ᠵᠠᠮ ᠬᠠᠷᠢᠯᠴᠠᠭᠠᠨ ᠤ ᠴᠠᠬᠳᠠᠭ᠎ᠠ ᠶᠢ ᠬᠠᠷᠢᠶᠠᠳᠦ ᠤᠷᠤᠨ ᠤ ᠬᠤᠳᠠᠯᠳᠤᠭᠠᠨ ᠤ ᠭᠠᠵᠠᠷ᠂ ᠵᠡᠭᠡᠯᠢ ᠭᠤᠳᠤᠮᠵᠢ᠂ ᠭᠠᠴᠠᠭ᠎ᠠ ᠳᠤᠰᠬᠤᠨ ᠢᠶᠠᠷ ᠬᠦᠨᠵᠡᠭᠡᠶᠢᠷᠡᠬᠦᠯᠤᠨ ᠠᠮᠤᠷ ᠲᠦᠪᠰᠢᠨ ᠤ ᠤᠬᠠᠭᠤᠯᠭ᠎ᠠ ᠬᠢᠯᠭᠡᠵᠠᠢ᠃ ᠵᠠᠮ ᠬᠠᠷᠢᠯᠴᠠᠭᠠᠨ ᠤ ᠴᠠᠬᠳᠠᠭ᠎ᠠ ᠨᠠᠷ ᠭᠤᠤᠯᠳᠠᠭᠤ ᠠᠷᠢᠬᠢ ᠤᠤᠭᠤᠬᠰᠠᠨ ᠤ ᠳᠠᠷᠠᠭ᠎ᠠ ᠳᠡᠷᠭᠡ ᠵᠢᠯᠤᠭᠤᠳᠬᠤ᠂ ᠰᠤᠬᠳᠤᠭᠤ ᠪᠠᠷ ᠳᠡᠷᠭᠡ ᠵᠢᠯᠤᠭᠤᠳᠬᠤ᠂ ᠦᠨᠡᠮᠯᠡᠯ ᠦᠭᠡᠢ ᠪᠠᠷ ᠳᠡᠷᠭᠡ ᠵᠢᠯᠤᠭᠤᠳᠬᠤ ᠵᠡᠷᠭᠡ ᠶᠢᠨ ᠬᠤᠤᠷ ᠨᠦᠯᠦᠭᠡ ᠶᠢ ᠤᠬᠠᠭᠤᠯᠤᠨ ᠳᠡᠶᠢᠯᠪᠤᠷᠢᠯᠠᠬᠤ ᠶᠢᠨ ᠲᠠᠭᠠᠤ ᠳᠠᠷᠢᠶᠠᠯᠠᠩ ᠳᠤ ᠭᠡᠷᠡᠭᠯᠡᠬᠦ ᠮᠠᠰᠢᠨ ᠪᠠ ᠴᠠᠬᠢᠯᠭᠠᠨ ᠬᠦᠳᠡᠯᠭᠡᠬᠦᠷᠳᠦ ᠳᠡᠷᠭᠡ ᠳᠤ ᠤᠷᠤᠰᠢᠵᠦ ᠪᠠᠶᠢᠭ᠎ᠠ ᠭᠡᠮ ᠰᠤᠭᠤᠭ ᠵᠢᠴᠢ ᠠᠩᠬᠠᠷᠬᠤ ᠴᠢᠬᠤᠯᠠᠳᠠᠢ ᠲᠦᠷᠢᠮ ᠳᠤᠬᠳᠠᠭᠠᠯ ᠢ ᠤᠬᠠᠭᠤᠯᠤᠨ ᠳᠠᠶᠢᠯᠪᠤᠷᠢᠯᠠᠬᠰᠠᠨ ᠪᠠᠶᠢᠨ᠎ᠠ᠃     ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠳᠤᠯᠠᠬᠤ ᠳᠤ ᠬᠦᠮᠦᠨ ᠪᠦᠬᠦᠨ ᠬᠠᠷᠢᠭᠤᠴᠠᠯᠭ᠎ᠠ ᠲᠠᠢ᠃ ᠤᠳᠠᠯ ᠦᠭᠡᠢ ᠰᠢᠨ᠎ᠠ ᠤᠨ ᠡᠬᠢᠯᠡᠵᠦ ᠬᠦᠮᠦᠰ ᠤᠨ ᠶᠠᠪᠤᠵᠦ ᠰᠠᠭᠤᠬᠤ᠂ ᠬᠤᠳᠠᠯᠳᠤᠭ᠎ᠠ ᠮᠠᠶᠢᠮᠠᠢ ᠬᠢᠬᠦ᠂ ᠨᠠᠶᠢᠷᠠᠯᠳᠤᠨ ᠴᠡᠩᠭᠡᠬᠦ ᠠᠵᠢᠯᠯᠠᠭ᠎ᠠ ᠤᠯᠠᠰᠢᠷᠠᠵᠦ᠂ ᠵᠠᠮ ᠬᠠᠷᠢᠯᠴᠠᠭᠠᠨ ᠤ ᠳᠠᠷᠤᠭᠠᠰᠦ ᠶᠢ ᠨᠡᠮᠡᠭᠳᠡᠬᠦᠯᠬᠦ ᠪᠤᠯᠤᠨ᠎ᠠ᠃ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠵᠠᠮ ᠬᠠᠷᠢᠯᠴᠠᠭᠠᠨ ᠤ ᠶᠡᠭᠡ ᠠᠩᠬᠢ ᠶᠢᠨ ᠬᠠᠷᠢᠭᠤᠴᠠᠯᠭᠠᠳᠠᠨ᠄ ︽ᠳᠠᠷᠠᠭᠠᠴᠢ ᠪᠠᠷ᠂ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠪᠠᠨ ᠴᠢᠩᠭᠠᠳᠬᠠᠵᠦ᠂ ᠡᠯ᠎ᠠ ᠵᠠᠮ ᠱᠤᠭᠤᠮ ᠳᠠᠬᠢ ᠵᠠᠬᠢᠷᠤᠨ ᠬᠠᠮᠢᠶᠠᠷᠤᠯᠳᠠ ᠪᠠᠨ ᠨᠡᠮᠡᠭᠳᠡᠬᠦᠯᠤᠨ᠂ ᠤᠷᠢᠳᠴᠢᠯᠡᠨ ᠲᠦᠯᠦᠪᠯᠡᠵᠦ ᠤᠷᠢᠳᠴᠢᠯᠡᠨ ᠰᠡᠷᠭᠡᠶᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠳᠤᠤᠷ ᠢ ᠨᠠᠩ ᠪᠠᠬᠢᠵᠢᠬᠦᠯᠤᠨ᠎ᠠ︾ ᠬᠡᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号