| ᠤᠶᠢᠷ᠎ᠠ ᠳᠤ᠂ ᠬᠦᠳᠡᠭᠡ ᠠᠵᠦ ᠠᠬᠤᠢ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠠᠯᠪᠠᠨ ᠲᠢᠩᠬᠢᠮ᠂ ᠰᠤᠷᠭᠠᠨ ᠬᠥᠮᠦᠵᠢᠯ ᠤᠨ ᠶᠠᠮᠤᠨ ᠤ | ᠠᠯᠪᠠᠨ ᠲᠢᠩᠬᠢᠮ᠂ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠲᠢᠩᠬᠢᠮ ᠬᠠᠮᠲᠤᠷᠠᠨ ︽2024 ᠣᠨ ᠤ ᠪᠥᠬᠦ ᠤᠯᠤᠰ ᠤᠨ ᠬᠥᠳᠡᠭᠡ | ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠨᠢᠯᠴᠠᠭᠤᠯᠬᠤ ᠲᠤᠬᠠᠶ | ᠮᠡᠳᠡᠭᠳᠡᠯ︾ ᠢ ᠨᠡᠶᠢᠲᠡᠯᠡᠪᠡ᠃ ᠡᠬᠦᠨ ᠳᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ︽ᠰᠣᠶᠣᠯ ᠤᠨ ᠲᠣᠰᠬᠤᠨ ᠤ ᠳᠠᠷᠤᠭ᠎ᠠ ᠬᠥᠳᠡᠭᠡ ᠲᠣᠰᠬᠤᠨ ᠳᠤ ᠰᠤᠶᠤᠯ ᠤᠯᠠᠮᠵᠢᠯᠠᠬᠤ︾ ᠨᠢ | 2024 ᠣᠨ ᠤ ᠪᠥᠬᠦ ᠤᠯᠤᠰ ᠤᠨ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠨᠡᠶᠢᠲᠡᠯᠢᠭ | ᠬᠡᠷᠡᠭ ᠤᠨ ᠵᠢᠱᠢᠶ᠎ᠡ ᠶᠢᠨ ᠨᠢᠭᠡ ᠨᠢ ᠪᠣᠯᠵᠠᠶ᠃ | ᠤᠢᠢᠷ᠎ᠠ ᠶᠢᠨ ᠵᠢᠯ ᠠᠴᠠ ᠨᠠᠭᠠᠰᠢ᠂ ᠡᠮᠦᠨᠡᠲᠦ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠥᠳᠡᠭᠡ ᠲᠣᠰᠬᠤᠨ ᠤ ᠰᠣᠶᠣᠯ ᠢ | ᠬᠥᠭᠵᠢᠭᠦᠯᠦᠨ ᠮᠠᠨᠳᠤᠭᠤᠯᠬᠤ ᠪᠠ ︽ᠬᠤᠶᠠᠷ ᠢ ᠴᠣᠭᠴᠠᠯᠠᠬᠤ︾ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠠᠢ᠃ | ᠤᠷᠢᠳ ᠬᠤᠵᠢᠳ 115 ᠰᠣᠶᠣᠯ ᠤᠨ ᠲᠣᠰᠬᠤᠨ ᠤ ᠳᠠᠷᠤᠭ᠎ᠠ ᠶᠢ ᠰᠣᠩᠭᠤᠨ ᠲᠣᠮᠢᠯᠠᠵᠤ᠂ 12 ᠵᠦᠢᠯ ᠤᠨ | ᠣᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠣᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠡᠳᠦᠷ ᠢᠷᠡᠬᠦᠶ᠎ᠡ | ᠲᠡᠭᠦᠯᠳᠡᠷᠵᠢᠵᠦ᠂ ᠲᠥᠷᠥᠯ ᠵᠦᠢᠯ ᠤᠨ ᠬᠡᠯᠪᠡᠷᠢ ᠨᠢ ᠪᠠᠶᠠᠯᠢᠭᠵᠢᠵᠦ᠂ ᠣᠯᠠᠨ ᠲᠦᠮᠡᠨ ᠳᠤ ᠨᠠᠩ ᠥᠷᠭᠡᠨ ᠳᠡᠯᠭᠡᠷ | ᠦᠢᠯᠡᠴᠢᠯᠡᠭᠡ ᠬᠠᠨᠭ᠍ᠭᠠᠵᠦ᠂ ᠣᠳᠬ᠎ᠠ ᠤᠷᠠᠯᠢᠭ ᠢ ᠬᠦᠳᠡᠭᠡ ᠳᠤᠰᠬᠤᠨ ᠳᠤ ᠬᠦᠷᠭᠡᠬᠦ ᠶᠢ ᠳᠥᠯᠭᠢᠨ ᠠᠬᠢᠭᠤᠯᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠂ ᠡᠮᠦᠨᠡᠲᠦ ᠬᠤᠰᠢᠭᠤᠨ ᠤ ︽ | ᠰᠣᠶᠣᠯ ᠤᠨ ᠲᠣᠰᠬᠤᠨ ᠤ ᠳᠠᠷᠤᠭ᠎ᠠ︾ ᠶᠢᠨ ᠣᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠥᠪᠡᠷᠮᠢᠴᠡ ᠣᠨᠴᠠᠯᠢᠭ ᠲᠠᠢ ᠵᠠᠮ ᠢ ᠨᠡᠭᠡᠭᠡᠭᠰᠡᠨ ᠪᠠᠶᠢᠨ᠎ᠠ᠃ ᠪᠠᠰᠠ ︽ᠰᠣᠶᠣᠯ ᠤᠨ ᠲᠣᠰᠬᠤᠨ ᠤ ᠳᠠᠷᠤᠭ᠎ᠠ︾ ᠶᠢᠨ | ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠳᠡᠮᠵᠢᠬᠦ 12 ᠲᠦᠷᠦᠯ ᠵᠦᠢᠯ ᠲᠠᠢ | ᠤᠶᠠᠯᠳᠤᠭᠤᠯᠵᠤ᠂ ᠨᠢᠭᠡ ᠪᠦᠯᠦᠭ ᠬᠢᠯᠠᠰ ᠴᠡᠭ ᠲᠠᠢ᠂ ᠨᠥᠯᠥᠭᠡ ᠲᠤᠰᠬᠠᠯ ᠲᠠᠢ᠂ ᠪᠣᠳᠠᠲᠤ ᠦᠷ᠎ᠡ ᠪᠦᠲᠦᠮᠵᠢ ᠲᠠᠢ | ᠤᠮᠠᠷᠠᠲᠤ ᠬᠢᠯᠢ ᠶᠢᠨ ᠤᠳᠬ᠎ᠠ ᠤᠷᠠᠯᠢᠭ ᠤᠨ ᠲᠦᠷᠦᠯ ᠲᠡᠮᠳᠡᠭ ᠢ ᠡᠭᠦᠳᠴᠡᠢ᠃ ᠬᠥᠳᠡᠭᠡ ᠲᠣᠰᠬᠤᠨ ᠤ ᠲᠡᠦᠬᠡ | ᠰᠣᠶᠣᠯ ᠤᠨ ᠡᠬᠢ ᠪᠠᠶᠠᠯᠢᠭ ᠢ ᠠᠭᠤᠳᠠᠯᠬᠤ ᠪᠠᠷ ᠳᠠᠮᠵᠢᠭᠤᠯᠵᠤ᠂ ᠲᠣᠰᠬᠤᠨ ᠤ ᠳᠠᠭᠤᠤ᠂ ᠰᠢᠯᠦᠭ ᠳᠠᠭᠤᠯᠠᠯ ᠵᠡᠷᠭᠡ | ᠰᠢᠯᠢᠳᠡᠭ ᠣᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠦᠵᠡᠰᠭᠦᠯᠡᠩᠲᠦ ᠰᠠᠶᠢᠬᠠᠨ ᠬᠥᠳᠡᠭᠡ | ᠲᠣᠰᠬᠤᠨ ᠤ ᠰᠣᠶᠣᠯ ᠤᠨ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ | ᠨᠡᠮᠡᠷᠢᠯᠡᠪᠡ᠃ | ᠡᠭᠦᠨ ᠤ ᠬᠠᠮᠳᠦ᠂ ᠡᠮᠦᠨᠡᠲᠦ ᠬᠤᠰᠢᠭᠤ ᠬᠤᠶᠠᠷ ᠵᠢᠯ ᠳᠠᠷᠠᠭᠠᠯᠠᠨ ᠪᠦᠬᠦ ᠣᠷᠣᠨ ᠤ ︽ᠰᠣᠶᠣᠯ ᠤᠨ | ᠲᠣᠰᠬᠤᠨ ᠤ ᠳᠠᠷᠤᠭ᠎ᠠ︾ ᠶᠢᠨ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠬᠦᠴᠦ | ᠨᠡᠮᠡᠷᠢᠯᠡᠬᠦ ᠠᠵᠢᠯᠯᠠᠭ᠎ᠠ ᠶᠢᠨ ᠦᠵᠡᠭᠦᠯᠭᠡ ᠶᠢᠨ ᠬᠤᠷᠠᠯ ᠪᠣᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ | ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠬᠠᠢ ᠶᠢᠨ ᠲᠠᠯᠠᠪᠠᠢ ᠶᠢᠨ ᠦᠵᠡᠭᠦᠯᠭᠡ ᠶᠢᠨ | ᠬᠤᠷᠠᠯ ᠢ ᠳᠠᠭᠠᠭᠠᠴᠢᠯᠠᠨ ᠡᠷᠬᠢᠯᠡᠵᠦ᠂ ᠬᠤᠷᠴᠢᠨ ᠪᠠᠯᠭᠠᠰᠤ ᠶᠢᠨ ᠯᠢᠦ ᠱᠦ ᠴᠤᠸᠠᠨ ᠲᠣᠰᠬᠤᠨ᠂ ᠫᠢᠩ ᠠᠨ | ᠲᠣᠰᠬᠤᠨ ᠨᠢ ᠦᠵᠡᠭᠦᠯᠭᠡ ᠶᠢᠨ ᠴᠡᠭ ᠪᠣᠯᠤᠭᠰᠠᠨ ᠤ ᠬᠤᠪᠢ ᠳᠤ ᠪᠦᠬᠦ ᠣᠷᠣᠨ ᠤ ᠡᠯ᠎ᠡ ᠭᠠᠵᠠᠷ ᠤᠨ ᠰᠤᠯᠢᠯᠴᠠᠨ | ᠰᠤᠷᠤᠯᠴᠠᠬᠤ ᠵᠢᠱᠢᠶᠠᠴᠢ ᠪᠣᠯᠵᠠᠢ᠃ ᠬᠤᠷᠴᠢᠨ ᠪᠠᠯᠭᠠᠰᠤᠨ ᠤ ᠯᠢᠦ ᠱᠦ ᠴᠤᠸᠠᠨ ᠲᠣᠰᠬᠤᠨ ᠪᠥᠬᠦ ᠤᠯᠤᠰ ᠤᠨ | ᠭᠤᠷᠪᠠᠳᠤᠭᠠᠷ ᠬᠤᠭᠤᠴᠠᠭᠠᠨ ᠤ ︽ᠴᠠᠭ ᠦᠶ᠎ᠡ ᠶᠢᠨ ᠬᠡᠪ ᠰᠤᠷᠲᠠᠯ︾ ᠤᠨ ᠯᠸᠢ ᠹᠧᠩ ᠠᠴᠠ ᠰᠤᠷᠤᠯᠴᠠᠬᠤ | ᠬᠠᠮᠤᠭ ᠤᠨ ᠭᠤᠶᠣ ᠣᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮ ᠲᠣᠭᠤᠷᠢᠭ ᠪᠠ ᠪᠥᠬᠦ | ᠣᠷᠣᠨ ᠤ ᠠᠩᠬᠠᠳᠤᠭᠠᠷ ᠬᠤᠭᠤᠴᠠᠭᠠᠨ ᠤ ︽ᠴᠠᠭ ᠦᠶ᠎ᠡ ᠶᠢᠨ ᠬᠡᠪ ᠰᠤᠷᠲᠠᠯ︾ ᠤᠨ ᠯᠸᠢ ᠹᠧᠩ ᠠᠴᠠ | ᠰᠤᠷᠤᠯᠴᠠᠬᠤ ᠬᠠᠮᠤᠭ ᠤᠨ ᠭᠤᠶᠣ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮ | ᠲᠣᠭᠤᠷᠢᠭ ᠢᠶᠠᠷ ᠦᠨᠡᠯᠡᠭᠳᠡᠪᠡ᠃ ︵ᠯᠢ ᠤᠭ᠍ᠶᠦ︶ |