| ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠶᠣᠰᠣ | ᠰᠤᠷᠲᠠᠬᠤᠨ ᠢᠶᠠᠷ ᠴᠢᠳᠠᠪᠦᠷᠢᠲᠠᠨ ᠬᠥᠮᠦᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ︽ᠲᠠᠪᠤᠨ ᠨᠢᠭᠡ︾ | ᠶᠢᠨ ᠠᠵᠢᠯ ᠤᠨ ᠠᠷᠭ᠎ᠠ ᠶᠢ ᠭᠦᠨᠵᠡᠭᠡᠶ ᠠᠬᠢᠭᠤᠯᠵᠤ᠂ ᠰᠢᠨᠵᠢᠯᠡᠭᠡᠨ ᠤ ᠰᠠᠯᠠᠭ᠎ᠠ ᠶᠢ ᠠᠭᠤᠰᠤᠯᠴᠠᠭᠤᠯᠬᠤ᠂ ᠭᠤᠤᠯ | ᠰᠡᠳᠦᠪᠲᠦ ᠠᠵᠢᠯᠯᠠᠭ᠎ᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠵᠡᠷᠭᠡ ᠡᠯ᠎ᠡ ᠭᠤᠭᠴᠤᠭ᠎ᠠ ᠠᠴᠠ ᠪᠠᠭᠰᠢ | ᠰᠤᠷᠤᠭᠴᠢᠳ ᠢ ᠪᠥᠬᠦ ᠲᠠᠯ᠎ᠠ ᠪᠠᠷ ᠬᠥᠲᠥᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠦ ᠪᠠᠶᠢᠨ᠎ᠠ᠃ | ᠡᠮᠤᠨᠡᠲᠦ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠬᠠᠮᠢᠶ᠎ᠠ ᠪᠦᠬᠦᠢ ᠵᠢᠭᠠᠬᠤ ᠮᠠᠲ᠋ᠧᠷᠢᠶᠠᠯ ᠢ | ᠰᠠᠶᠢᠲᠤᠷ ᠬᠡᠷᠡᠭᠯᠡᠵᠦ᠂ ᠲᠤᠮᠳᠠᠲᠦ ᠶᠢᠨ ᠦᠨᠳᠦᠰᠦᠲᠡᠨ ᠤ ᠬᠠᠮᠲᠦ ᠶᠢᠨ ᠴᠤᠬᠴᠠ ᠶᠢᠨ ᠤᠬᠠᠮᠰᠠᠷ ᠢ ᠦᠵᠡᠯ ᠰᠠᠨᠠᠭ᠎ᠠ | ᠤᠯᠤᠰ ᠲᠦᠷᠦ ᠶᠢᠨ ᠬᠢᠴᠢᠶᠡᠯ᠂ ᠬᠡᠯᠡ ᠪᠢᠴᠢᠭ᠂ ᠲᠡᠦᠬᠡ ᠵᠡᠷᠭᠡ ᠬᠢᠴᠢᠶᠡᠯ ᠳᠤ ᠨᠢᠭᠡ ᠴᠤᠭᠴᠠᠵᠢᠭᠤᠯᠤᠨ | ᠠᠭᠤᠰᠤᠯᠴᠠᠭᠤᠯᠪᠠ︔ ᠡᠭᠦᠨ ᠤ ᠬᠠᠮᠲᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ | ᠰᠠᠷ᠎ᠠ ᠪᠠᠷ ᠠᠵᠠ ᠲᠣᠬᠢᠶᠠᠯ ᠪᠣᠯᠭᠠᠵᠤ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ | ᠶᠠᠷᠢᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠬᠠᠮᠳᠥ ᠪᠠᠷ | ᠴᠣᠭᠴᠠᠯᠠᠶ᠎ᠠ︾ ᠭᠡᠬᠦ ᠭᠤᠤᠯ ᠰᠡᠳᠦᠪ ᠤᠨ ᠲᠣᠭᠤᠷᠢᠨ ᠳᠤ᠂ ᠦᠨᠳᠦᠰᠦᠲᠡᠨ ᠨᠦᠭᠦᠳ ᠤᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠵᠤ ᠭᠤᠤᠯ ᠰᠡᠳᠦᠪ ᠨᠢ ᠢᠯᠡ ᠲᠣᠳᠣ᠂ ᠬᠡᠯᠪᠡᠷᠢ ᠨᠢ ᠣᠯᠠᠨ | ᠶᠠᠩᠵᠤ᠂ ᠠᠭᠤᠯᠤᠭᠳᠠᠬᠤᠨ ᠨᠢ ᠡᠯᠪᠡᠭ ᠪᠠᠶᠠᠯᠢᠭ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾᠂ ︽ᠠᠨᠠᠷ ᠤᠨ | ᠦᠷ᠎ᠠ ᠵᠢᠵᠢᠭ ᠬᠢᠴᠢᠶᠡᠯ ᠤᠨ ᠲᠠᠩᠬᠢᠮ︾ ᠵᠡᠷᠭᠡ ᠴᠢᠳᠠᠪᠦᠷᠢᠲᠠᠨ ᠬᠥᠮᠦᠵᠢᠭᠦᠯᠬᠦ ᠡᠬᠢ ᠪᠠᠶᠠᠯᠢᠭ ᠢ ᠰᠠᠶᠢᠲᠤᠷ | ᠬᠡᠷᠡᠭᠯᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠤᠨ ᠬᠠᠤᠯᠢ︾ ᠶᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠶᠢ ᠠᠬᠢᠭᠤᠯᠵᠦ ᠪᠠᠶᠢᠨ᠎ᠠ᠃ | ᠡᠮᠤᠨᠡᠲᠦ ᠬᠤᠰᠢᠭᠤ ᠡᠯ᠎ᠡ ᠱᠠᠲᠤᠨ ᠤ ᠡᠯ᠎ᠡ ᠲᠥᠷᠥᠯ ᠤᠨ ᠪᠣᠯᠪᠠᠰᠤᠷᠠᠯ᠂ ᠤᠷᠤᠯᠳᠤᠭᠠᠨ ᠤ ᠠᠵᠢᠯᠯᠠᠭ᠎ᠠ ᠶᠢ | ᠢᠳᠡᠪᠬᠢᠲᠡᠶ ᠦᠷᠨᠢᠭᠦᠯᠵᠦ᠂ ᠪᠥᠬᠦ ᠬᠤᠰᠢᠭᠤᠨ ᠤ ᠪᠠᠭᠰᠢ ᠶᠢᠨ ᠡᠩᠨᠡᠭᠡᠨ ᠤ ᠲᠤᠰᠬᠠᠶ ᠮᠡᠷᠭᠡᠵᠢᠯ ᠤᠨ ᠴᠢᠳᠠᠪᠤᠷᠢ ᠶᠢ | ᠪᠦᠲᠦᠮᠵᠢᠲᠡᠶ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ | ᠰᠢᠯᠢᠳᠡᠭᠵᠢᠭᠦᠯᠬᠦ ᠶᠢ ᠠᠬᠢᠭᠤᠯᠪᠠ᠃ ᠦᠡᠭᠭᠡᠷᠡᠭᠰᠡᠨ ᠨᠢᠭᠡ ᠵᠢᠯ ᠳᠤ ᠬᠤᠰᠢᠭᠤᠨ ᠤ ᠳᠣᠲᠣᠷ᠎ᠠ ᠭᠠᠳᠠᠨᠠᠬᠢ ᠪᠣᠯᠪᠠᠰᠤᠷᠠᠯ | ᠰᠤᠷᠤᠯᠴᠠᠯᠭ᠎ᠠ ᠶᠢᠨ ᠠᠵᠢᠯᠯᠠᠭ᠎ᠠ ᠶᠢ ᠨᠡᠶᠢᠲᠡ 61 ᠲᠠᠯᠠᠪᠤᠷ ᠤᠳᠠᠭ᠎ᠠ ᠵᠣᠬᠢᠶᠠᠨ ᠪᠠᠶᠢᠭᠤᠯᠵᠤ᠂ ᠪᠣᠯᠪᠠᠰᠤᠷᠠᠯ ᠳᠤ | ᠣᠷᠣᠯᠴᠠᠭᠰᠠᠳ ᠨᠡᠶᠢᠲᠡ 2.2 ᠲᠦᠮᠡᠨ ᠬᠥᠮᠦᠨ ᠤᠳᠠᠭ᠎ᠠ ᠭᠥᠷᠪᠡ︔ ᠡᠯ᠎ᠡ ᠲᠥᠷᠥᠯ ᠤᠨ ᠤᠷᠤᠯᠳᠤᠭᠠᠨ᠂ | ᠰᠢᠯᠭᠠᠷᠠᠭᠤᠯᠵᠤ ᠦᠨᠡᠯᠡᠨ ᠵᠢᠱᠢᠬᠦ ᠠᠵᠢᠯᠯᠠᠭ᠎ᠠ ᠶᠢ 11 ᠤᠳᠠᠭ᠎ᠠ ᠵᠣᠬᠢᠶᠠᠨ ᠪᠠᠶᠢᠭᠤᠯᠵᠤ᠂ ᠪᠠᠷᠤᠭ 1700 ᠪᠠᠭᠰᠢ | ᠰᠣᠷᠣᠭᠴᠢ ᠣᠷᠣᠯᠴᠠᠵᠠᠶ᠃ ᠡᠭᠦᠨ ᠳᠤ ᠭᠤᠤᠯᠳᠠᠭᠤ ︽ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠣᠯᠪᠠᠰᠤᠷᠠᠯ︾᠂ ᠤᠯᠤᠰ ᠤᠨ ᠰᠤᠷᠭᠠᠨ ᠬᠥᠮᠦᠵᠢᠯ ᠤᠨ | ᠲᠥᠯᠥᠪᠯᠡᠭᠡ ︵2024︶ ᠶᠢᠨ ᠪᠣᠯᠪᠠᠰᠤᠷᠠᠯ ᠤᠨ ᠲᠥᠷᠥᠯ ᠵᠦᠢᠯ ᠵᠡᠷᠭᠡ ᠪᠠᠭᠰᠢ ᠶᠢᠨ ᠦᠰᠦᠨ ᠪᠤᠶᠢᠵᠢᠬᠤ | ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠪᠣᠯᠪᠠᠰᠤᠷᠠᠯ ᠤᠨ ᠠᠭᠤᠯᠭ᠎ᠠ ᠶᠢ ᠪᠠᠭᠲᠠᠭᠠᠪᠠ᠃ ᠡᠭᠦᠨ ᠠᠴᠠ ᠭᠠᠳᠠᠨ᠎ᠠ᠂ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠬᠢᠨᠭ᠍ᠭᠠᠨ ᠠᠶᠢᠮᠠᠭ ᠴᠠᠩᠴᠦ᠋ᠨ ᠬᠤᠲᠠ ᠶᠢᠨ ᠬᠤᠯᠪᠣᠭ᠎ᠠ ᠪᠠᠷ ᠠᠵᠠ | ᠲᠣᠬᠢᠶᠠᠯ ᠪᠣᠯᠭᠠᠵᠤ᠂ ᠬᠤᠤᠰᠯᠠᠯ ᠪᠠᠶᠢᠭᠤᠯᠤᠭᠰᠠᠨ ᠰᠤᠷᠭᠠᠭᠤᠯᠢ ᠶᠢᠨ ᠬᠤᠭᠤᠷᠣᠨᠳᠣᠬᠢ ᠬᠠᠮᠵᠢᠯᠴᠠᠬᠤ ᠠᠵᠢᠯᠯᠠᠭ᠎ᠠ ᠶᠢ | 200 ᠭᠠᠷᠤᠶ ᠤᠳᠠᠭ᠎ᠠ ᠥᠷᠨᠢᠭᠦᠯᠵᠦ᠂ ᠰᠤᠷᠭᠠᠨ ᠬᠥᠮᠦᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ | ᠠᠬᠢᠭᠤᠯᠪᠠ᠃ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠡᠮᠤᠨᠡᠲᠦ | ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠪᠤᠳᠠᠲᠦ ᠪᠠᠶᠢᠳᠠᠯ ᠲᠠᠢ ᠪᠠᠨ ᠤᠶᠠᠯᠳᠤᠭᠤᠯᠦᠨ᠂ ᠥᠪᠡᠷ ᠢ ᠪᠠᠨ | ᠪᠠᠶᠢᠴᠠᠭᠠᠵᠤ ᠦᠨᠡᠯᠡᠨ ᠵᠢᠱᠢᠬᠦ ᠠᠵᠢᠯ ᠢ ᠥᠷᠨᠢᠭᠦᠯᠵᠦ᠂ ︽ᠬᠢᠴᠢᠶᠡᠯ ᠤᠨ ᠪᠠᠶᠢᠭᠤᠯᠤᠯᠲᠠ᠂ ᠬᠢᠴᠢᠶᠡᠯ ᠤᠨ | ᠲᠠᠩᠬᠢᠮ ᠤᠨ ᠦᠢᠯᠡᠳᠦᠯ᠂ ᠰᠡᠳᠦᠪ ᠤᠨ ᠰᠤᠳᠤᠯᠭᠠᠨ᠂ ᠰᠤᠷᠭᠠᠭᠤᠯᠢ ᠶᠢᠨ ᠳᠡᠪᠲᠡᠷ ᠤᠨ ᠰᠤᠳᠤᠯᠤᠨ ᠰᠤᠷᠤᠯᠴᠠᠬᠤ᠂ | ᠦᠨᠡᠯᠡᠬᠦ ᠬᠠᠮᠢᠶᠠᠷᠤᠯᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠦᠷᠦᠯᠴᠡᠬᠦ ᠦᠭᠡᠢ ᠴᠡᠭ᠂ ᠡᠷᠡᠭᠡᠯᠵᠡᠭᠡ ᠲᠠᠢ | ᠴᠡᠭ᠂ ᠳᠠᠪᠠᠭᠤᠯᠢᠭ ᠴᠡᠭ᠂ ᠳᠡᠭᠡᠭᠰᠢᠯᠡᠭᠦᠯᠬᠦ ᠴᠡᠭ︾ ᠪᠠ ︽ᠰᠤᠷᠭᠠᠭᠤᠯᠢ ᠶᠢᠨ ᠬᠥᠭᠵᠢᠯᠲᠡ ᠶᠢ ᠵᠢᠷᠤᠮᠵᠢᠭᠤᠯᠬᠤ᠂ | ᠨᠠᠷᠢᠯᠢᠬᠵᠢᠭᠤᠯᠬᠤ᠂ ᠰᠢᠯᠢᠳᠡᠭᠵᠢᠭᠦᠯᠬᠦ︾ ᠶᠢ ᠨᠠᠷᠢᠨ ᠵᠠᠳᠠᠯᠪᠠ᠃ ᠥᠪᠡᠷ ᠢ ᠪᠠᠨ ᠪᠠᠶᠢᠴᠠᠭᠠᠵᠤ ᠥᠪᠡᠷ ᠢ ᠪᠠᠨ | ᠦᠨᠡᠯᠡᠬᠦ ᠠᠵᠢᠯ ᠤᠨ ᠭᠤᠣᠯᠳᠠᠯᠭ᠎ᠠ ᠪᠠ ᠵᠠᠩᠭᠢᠯᠠᠭ᠎ᠠ ᠪᠣᠯ ᠠᠰᠠᠭᠤᠳᠠᠯ ᠢ ᠰᠢᠢᠳᠪᠦᠷᠢᠯᠡᠵᠦ᠂ ᠰᠤᠷᠭᠠᠭᠤᠯᠢ ᠶᠢᠨ | ᠬᠥᠭᠵᠢᠯᠲᠡ ᠶᠢ ᠠᠬᠢᠭᠤᠯᠬᠤ ᠳᠤ ᠦᠢᠯᠡᠴᠢᠯᠡᠵᠦ᠂ ᠡᠯ᠎ᠡ ᠬᠡᠰᠡᠭ ᠭᠠᠵᠠᠷ ᠤᠨ ᠭᠤᠣᠯᠳᠠᠯᠭ᠎ᠠ ᠲᠠᠢ ᠠᠵᠢᠯ᠂ | ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠮᠡᠷᠭᠡᠵᠢᠯ ᠢᠶᠠᠷ ᠬᠦᠳᠦᠯᠦᠨ | ᠳᠠᠭᠠᠭᠤᠯᠵᠤ᠂ ᠥᠪᠡᠷ ᠢᠶᠠᠨ ᠪᠠᠶᠢᠴᠠᠭᠠᠵᠤ ᠦᠨᠡᠯᠡᠨ ᠵᠢᠱᠢᠬᠦ ᠠᠵᠢᠯ ᠢ ᠰᠠᠶᠢᠳᠦᠷ ᠬᠢᠵᠦ᠂ ᠰᠤᠷᠭᠠᠨ ᠬᠦᠮᠦᠵᠢᠯ ᠤᠨ | ᠠᠵᠢᠯ ᠤᠨ ᠰᠢᠯᠢᠳᠡᠭ ᠦᠷ᠎ᠠ ᠪᠦᠲᠦᠮᠵᠢ ᠭᠠᠷᠭᠠᠬᠤ ᠳᠤ ᠰᠠᠶᠢᠨ ᠰᠠᠶᠢᠬᠠᠨ ᠤᠷᠴᠢᠨ ᠬᠠᠨᠭ᠍ᠭᠠᠪᠠ᠃ | ᠡᠮᠤᠨᠡᠲᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ︽ᠭᠤᠷᠪᠠ ᠶᠢ ᠬᠠᠮᠢᠶᠠᠷᠴᠤ ᠭᠤᠷᠪᠠ ᠶᠢ | ᠡᠷᠬᠡᠪᠰᠢ ᠭᠦᠢᠴᠡᠳᠭᠡᠬᠦ︾ ᠠᠵᠢᠯ ᠤᠨ ᠱᠠᠭᠠᠷᠳᠠᠯᠭ᠎ᠠ ᠶᠢ ᠨᠢᠭᠡᠳᠦᠯᠲᠡᠶ ᠨᠠᠶᠢᠳᠠᠪᠤᠷᠢᠵᠢᠭᠤᠯᠵᠤ᠂ ︽ᠠᠮᠤᠷ | ᠠᠮᠤᠭᠤᠯᠠᠩ ᠰᠤᠷᠭᠠᠭᠤᠯᠢ ᠶᠢᠨ ᠬᠦᠷᠢᠶ᠎ᠡ︾ ᠶᠢᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ | ᠰᠤᠷᠭᠠᠭᠤᠯᠢ ᠶᠢᠨ ᠬᠦᠷᠢᠶᠡᠨ ᠤ ᠠᠶᠤᠯ ᠥᠬᠡᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠠᠢ᠃ ᠡᠭᠦᠨ ᠳᠤ ᠭᠤᠤᠯᠳᠠᠬᠤ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠴᠢᠬᠤᠯᠠ ᠣᠷᠣᠨ ᠪᠠᠶᠢᠷᠢ᠂ ᠭᠤᠣᠯᠳᠠᠯᠭ᠎ᠠ ᠲᠠᠢ ᠵᠠᠩᠭᠢᠯᠠᠭ᠎ᠠ ᠶᠢᠨ ᠴᠡᠭ ᠤᠨ | ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠠᠶᠤᠯ ᠢ ᠰᠡᠷᠭᠡᠶᠢᠯᠡᠬᠦ᠂ ᠳᠣᠷᠣᠮᠵᠢᠯᠠᠯ ᠢ ᠰᠡᠷᠭᠡᠶᠢᠯᠡᠬᠦ ᠬᠦᠴᠦᠷᠬᠡᠭᠯᠡᠯ ᠢ | ᠰᠡᠷᠭᠡᠶᠢᠯᠡᠬᠦ ᠪᠡ ᠰᠤᠷᠤᠭᠴᠢᠳ ᠤᠨ ᠰᠡᠳᠭᠢᠴᠡ ᠶᠢᠨ ᠡᠷᠡᠭᠦᠯ ᠮᠡᠨᠳᠦ ᠶᠢᠨ ᠬᠥᠮᠦᠵᠢᠯ ᠵᠡᠷᠭᠡ ᠠᠵᠢᠯ ᠢ ᠨᠠᠷᠢᠨ | ᠪᠣᠳᠠᠲᠠᠢ ᠬᠢᠵᠦ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ 200 ᠭᠠᠷᠤᠢ ᠲᠠᠯᠠᠪᠤᠷ | ᠤᠳᠠᠭ᠎ᠠ ᠪᠠᠶᠢᠩᠭᠤᠵᠢᠭᠤᠯᠤᠨ ᠥᠷᠨᠢᠭᠦᠯᠵᠦ᠂ ᠪᠠᠭᠰᠢ ᠰᠤᠷᠤᠭᠴᠢ 8 ᠲᠦᠮᠡ ᠭᠠᠷᠤᠢ ᠬᠥᠮᠦᠨ ᠤᠳᠠᠭ᠎ᠠ | ᠣᠷᠣᠯᠴᠠᠪᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠠᠯᠳᠠ ᠬᠡᠮ᠂ ᠰᠤᠷᠭᠠᠭᠤᠯᠢ ᠳᠤ | ᠬᠤᠯᠪᠣᠭᠳᠠᠬᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠭᠦᠨᠵᠡᠭᠡᠶ ᠥᠷᠨᠢᠭᠦᠯᠵᠦ | ᠂ ᠪᠥᠬᠦ ᠲᠠᠯ᠎ᠠ ᠶᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠴᠢᠩᠭᠠᠷᠠᠭᠤᠯᠤᠨ᠂ ᠰᠤᠷᠭᠠᠭᠤᠯᠢ ᠶᠢᠨ ᠬᠦᠷᠢᠶ᠎ᠡ ᠪᠠ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠥᠬᠦ ᠲᠠᠯ᠎ᠠ ᠪᠠᠷ | ᠪᠠᠳᠤᠯᠠᠵᠤ ᠪᠠᠶᠢᠨ᠎ᠠ᠃ | ︵ᠯᠢᠶᠠᠨ ᠪᠤᠤ ᠬᠦᠮᠦᠵᠢᠯ︶ |