ᠬᠢᠯᠢ ᠶᠢᠨ ᠱᠤᠭᠤᠮ ᠢ ᠪᠠᠬᠢᠵᠢᠬᠦᠯᠤᠨ ᠳᠠᠯ᠎ᠠ ᠨᠤᠳᠤᠬ ᠢᠶᠠᠨ ᠰᠠᠬᠢᠨ ᠪᠠᠷᠠᠯᠠᠨ᠎ᠠ
ᠨᠡᠶᠢᠲᠡᠯᠡᠭᠰᠡᠨ ᠴᠠᠭ᠄
2025/1/3
     ᠦᠷᠯᠦᠭᠡ ᠶᠢᠨ ᠨᠡᠷᠠᠨ ᠳᠠᠯ᠎ᠠ ᠨᠤᠳᠤᠬ ᠢ ᠭᠡᠶᠢᠬᠦᠯᠬᠦ ᠲᠠᠢ ᠵᠡᠷᠭᠡ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯᠴᠢᠳ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠮᠤᠷ ᠢ ᠬᠠᠮᠠᠭᠠᠯᠠᠬᠤ ᠰᠠᠶᠢᠨ ᠳᠤᠷᠠᠴᠤᠤᠯ ᠵᠢᠴᠢ ᠲᠠᠯ᠎ᠠ ᠨᠤᠲᠤᠭ ᠤᠨ 110 ᠬᠤᠯᠪᠣᠭᠠᠯᠠᠨ ᠰᠡᠷᠭᠡᠶᠢᠯᠡᠬᠦ ᠠᠩᠬᠢ ᠪᠠᠷ ᠪᠦᠷᠢᠯᠳᠦᠭᠰᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠲᠠᠯ᠎ᠠ ᠨᠤᠲᠤᠭ ᠢ ᠰᠠᠬᠢᠨ ᠪᠠᠷᠠᠯᠠᠬᠤ ᠴᠠᠭᠳᠠᠨ ᠰᠡᠷᠭᠡᠶᠢᠯᠡᠬᠦ ᠠᠩᠬᠢ︾ ᠬᠡᠪ ᠤᠨ ᠵᠤᠷᠰᠢᠯ ᠶᠤᠰᠤᠭᠠᠷ ᠬᠢᠯᠢ ᠶᠢᠨ ᠱᠤᠭᠤᠮ ᠤᠨ ᠴᠠᠬᠳᠠᠨ ᠪᠠᠶᠢᠴᠠᠭᠠᠯᠳᠠ ᠪᠠᠨ ᠡᠬᠢᠯᠡᠬᠦᠯᠤᠯ᠎ᠠ᠃     ︽ᠬᠢᠯᠢ ᠬᠢᠵᠠᠭᠠᠷ ᠣᠷᠣᠨ ᠤ ᠰᠠᠭᠤᠭᠠᠯᠢ ᠠᠷᠠᠳ ᠪᠣᠯᠤᠭᠰᠠᠨ ᠤ ᠬᠤᠪᠢ ᠳᠤ ᠪᠢ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠬᠤ ᠶᠢᠨ ᠴᠢᠬᠤᠯᠠ ᠴᠢᠨᠠᠷ ᠢ ᠭᠦᠨ ᠣᠶᠢᠯᠠᠭᠠᠳᠠᠭ᠂ ᠡᠨᠡ ᠬᠡᠰᠡᠭ ᠭᠠᠵᠠᠷ ᠰᠢᠷᠣᠶ ᠶᠢᠨ ᠠᠮᠤᠷ ᠲᠦᠪᠰᠢᠨ ᠳᠤ ᠥᠪᠠᠷ ᠤᠨ ᠬᠦᠴᠦᠨ ᠴᠢᠳᠠᠯ ᠢᠶᠠᠨ ᠡᠷᠭᠦᠬᠦ ᠪᠣᠯ ᠮᠢᠨᠦ ᠡᠭᠦᠷᠭᠡ ᠪᠤᠯᠤᠨ᠎ᠠ︾ ᠭᠡᠵᠦ ︽ᠲᠠᠯ᠎ᠠ ᠨᠤᠲᠤᠭ ᠢ ᠰᠠᠬᠢᠨ ᠪᠠᠷᠠᠯᠠᠬᠤ ᠴᠠᠭᠳᠠᠨ ᠰᠡᠷᠭᠡᠶᠢᠯᠡᠬᠦ ᠠᠩᠬᠢ︾ ᠶᠢᠨ ᠳᠠᠷᠤᠭ᠎ᠠ ᠪᠦᠦ ᠬᠠᠢ ᠴᠢᠩ ᠬᠡᠯᠡᠵᠦ ᠪᠠᠶᠢᠯ᠎ᠠ᠃ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠷᠠᠭᠤᠨ ᠬᠤᠶᠢᠲᠤ ᠬᠡᠰᠡᠭ ᠨᠢ ᠮᠣᠩᠭᠤᠯ ᠤᠯᠤᠰ ᠲᠠᠢ ᠬᠢᠯᠢ ᠨᠡᠶᠢᠯᠡᠵᠦ᠂ ᠬᠢᠯᠢ ᠶᠢᠨ ᠬᠠᠮᠠᠭᠠᠯᠠᠯᠳᠠ ᠶᠢᠨ ᠱᠤᠭᠤᠮ ᠤᠨ ᠤᠷᠳᠦ ᠨᠢ 32.273 ᠺᠢᠯᠣᠮᠧᠲᠷ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 19 ᠬᠢᠯᠢ ᠶᠢᠨ ᠬᠠᠮᠠᠭᠠᠯᠠᠯᠳᠠ ᠶᠢᠨ ᠬᠤᠰᠢᠭᠤ ᠰᠢᠶᠠᠨ ᠤ ᠨᠢᠭᠡ ᠨᠢ ᠪᠣᠯᠤᠨ᠎ᠠ᠃     ︽ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠳᠤᠤᠷ᠎ᠠ᠂ ᠪᠢᠳᠡᠨ ᠤ ᠦᠢᠯᠡᠳᠪᠤᠷᠢᠯᠡᠯ ᠠᠮᠢᠳᠤᠷᠠᠯ ᠤᠨ ᠨᠥᠬᠦᠴᠡᠯ ᠤᠯᠠᠮ ᠠᠴᠠ ᠤᠯᠠᠮ ᠰᠠᠶᠢᠵᠢᠷᠠᠵᠠᠢ᠂ ᠮᠠᠯ ᠤᠨ ᠬᠠᠰᠢᠶ᠎ᠠ ᠰᠠᠷᠠᠪᠴᠢ ᠠᠴᠠ ᠡᠬᠢᠯᠡᠨ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ ᠤᠭᠰᠠᠷᠠᠬᠤ ᠬᠦᠷᠳᠡᠯ᠎ᠠ ᠪᠦᠷ ᠨᠠᠮ ᠵᠠᠰᠠᠭ ᠠᠴᠠ ᠪᠢᠳᠡᠨ ᠳᠤ ᠪᠠᠶᠢᠭᠤᠯᠵᠦ ᠦᠭᠴᠡᠢ︾ ᠭᠡᠵᠦ ᠽᠠᠨᠳᠠᠨ ᠬᠡᠯᠡᠯ᠎ᠠ᠃ ᠳᠡᠷᠡ ᠵᠠᠯᠭᠠᠭᠠᠳ ︽ᠪᠢ 1000 ᠭᠠᠷᠤᠶ ᠬᠤᠨᠢ ᠪᠠ 50 ᠭᠠᠷᠤᠶ ᠦᠬᠡᠷ ᠳᠡᠵᠢᠭᠡᠨ ᠦᠷᠡᠵᠢᠭᠦᠯᠵᠦ ᠪᠤᠢ᠂ ᠳᠠᠷᠠᠭᠠᠴᠢ ᠪᠠᠷ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠦᠷᠭᠦᠯᠵᠢᠯᠡᠨ ᠥᠷᠭᠡᠳᠭᠡᠵᠦ᠂ ᠤᠷᠤᠯᠭ᠎ᠠ ᠪᠠᠨ ᠨᠡᠮᠡᠭᠳᠡᠭᠦᠯᠬᠦ ᠪᠠᠷ ᠲᠥᠯᠥᠪᠯᠡᠵᠦ ᠪᠤᠢ︾ ᠭᠡᠵᠦ ᠬᠤᠶᠢᠰᠢᠳᠠ ᠶᠢᠨ ᠳᠦᠯᠦᠪᠯᠡᠭᠡ ᠪᠠᠨ ᠰᠤᠷᠪᠤᠯᠵᠢᠯᠠᠭᠴᠢ ᠳᠤ ᠶᠠᠷᠢᠵᠥ ᠪᠠᠶᠢᠯ᠎ᠠ᠃ᠮᠠᠯᠴᠢᠨ ᠪᠦᠦ ᠬᠠᠢ ᠴᠢᠩ᠂ ᠽᠠᠨᠳᠠᠨ ᠪᠤᠯ ᠬᠢᠩᠭᠠᠨ ᠠᠶᠢᠮᠠᠭ ᠤᠨ ᠲᠡᠷᠢᠭᠦᠨ ᠤ ᠬᠢᠯᠢ ᠶᠢᠨ ᠬᠠᠮᠠᠭᠠᠯᠠᠯᠲᠠ ᠶᠢᠨ ᠱᠤᠭᠤᠮ ᠢ ᠴᠤᠭᠴᠠᠯᠠᠵᠦ ᠪᠠᠶᠢᠭ᠎ᠠ ᠮᠠᠯᠴᠢᠨ ᠠᠷᠠᠤᠨ ᠤᠨ ᠬᠤᠷᠢᠶᠠᠩᠭᠤᠢ ᠳᠦᠷᠰᠦ ᠪᠣᠯᠤᠨ᠎ᠠ᠃     ᠬᠢᠩᠭᠠᠨ ᠠᠶᠢᠮᠠᠭ ᠤᠨ ᠶᠡᠷᠦᠩᠬᠡᠶ ᠲᠠᠯᠠᠪᠠᠶ ᠨᠢ 6 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠷᠴᠢᠮ ᠪᠠᠶᠢᠵᠦ ᠂ ᠬᠢᠯᠢ ᠶᠢᠨ ᠬᠠᠮᠠᠭᠠᠯᠠᠯᠳᠠ ᠶᠢᠨ ᠱᠤᠭᠤᠮ ᠤᠨ ᠤᠷᠳᠦ ᠨᠢ 130 ᠺᠢᠯᠣᠮᠧᠲᠷ᠂ ᠬᠢᠯᠢ ᠶᠢᠨ ᠬᠠᠮᠢᠶᠠᠷᠤᠯᠲᠠ ᠶᠢᠨ ᠣᠷᠣᠨ ᠨᠢ 1.75 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠡᠭᠦᠨ ᠳᠤ ᠷᠠᠰᠢᠶᠠᠨ ᠬᠤᠲᠠ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢ ᠬᠢᠯᠢ ᠶᠢᠨ ᠬᠠᠮᠠᠭᠠᠯᠠᠯᠳᠠ ᠶᠢᠨ ᠬᠤᠰᠢᠭᠤ ᠬᠤᠲᠠ ᠪᠣᠯᠤᠨ᠎ᠠ᠃ᠣᠶᠢᠷ᠎ᠠ ᠶᠢᠨ ᠵᠢᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠤᠨ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠂ ︽ᠬᠢᠩᠭᠠᠨ ᠠᠶᠢᠮᠠᠭ ᠤᠨ ᠲᠡᠷᠢᠭᠦᠨ ᠤ ᠬᠢᠯᠢ ᠶᠢᠨ ᠬᠠᠮᠠᠭᠠᠯᠠᠯᠲᠠ ᠶᠢᠨ ᠱᠤᠭᠤᠮ ᠢ ᠪᠥᠲᠥᠭᠡᠨ ᠪᠠᠶᠢᠭᠤᠯᠬᠤ ᠶᠢ ᠬᠡᠷᠡᠭᠵᠢᠭᠦᠯᠬᠦ ᠲᠥᠰᠦᠯ ︵2023 — 2024 ᠣᠨ︶︾ ᠢ ᠰᠤᠳᠤᠯᠤᠨ ᠲᠣᠭᠲᠠᠭᠠᠵᠤ᠂ ᠬᠢᠩᠭᠠᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠢᠶᠠᠷ ᠲᠦᠷᠦᠭᠦᠯᠡᠭᠦᠯᠦᠨ ᠂ 76 ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠯᠡᠨ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 11.06 ᠳ᠋ᠦᠩᠰᠢᠭᠤᠷ ᠲᠥᠭᠦᠷᠢᠭ ᠲᠤ ᠬᠦᠷᠴᠦ᠂ ᠬᠢᠩᠭᠠᠨ ᠠᠶᠢᠮᠠᠭ ᠤᠨ ᠬᠢᠯᠢ ᠶᠢᠨ ᠬᠠᠮᠠᠭᠠᠯᠠᠯᠳᠠ ᠶᠢᠨ ᠱᠤᠭᠤᠮ ᠢ ᠬᠢᠩᠭᠠᠨ ᠠᠶᠢᠮᠠᠭ ᠤᠨ ᠣᠨᠴᠠᠯᠢᠭ ᠲᠠᠢ ᠲᠡᠷᠢᠭᠦᠨ ᠤ ᠬᠢᠯᠢ ᠶᠢᠨ ᠬᠠᠮᠠᠭᠠᠯᠠᠯᠲᠠ ᠶᠢᠨ ᠱᠤᠭᠤᠮ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠪᠠ᠃     ᠢᠷᠪᠢᠰ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠢᠯᠢ ᠶᠢᠨ ᠬᠠᠮᠠᠭᠠᠯᠠᠭᠴᠢ ᠸᠠᠩ ᠢᠦᠢ ᠹᠠ ᠶᠢᠨ ᠮᠠᠯᠵᠢᠯ ᠤᠨ ᠳᠠᠯᠠᠪᠠᠢ ᠨᠢ ᠬᠢᠯᠢ ᠶᠢᠨ ᠬᠠᠮᠠᠭᠠᠯᠠᠯᠳᠠ ᠶᠢᠨ ᠱᠤᠭᠤᠮ ᠠᠴᠠ ᠲᠠᠪᠤᠬᠠᠨ ᠺᠢᠯᠣᠮᠧᠲᠷ ᠵᠠᠶᠢᠲᠠᠢ᠂ ᠲᠡᠭᠦᠨ ᠤ ᠮᠠᠯᠵᠢᠯ ᠤᠨ ᠳᠠᠯᠠᠪᠠᠢ ᠶᠢᠨ ᠭᠠᠳᠠᠨᠠᠬᠢ ᠠᠭᠤᠯᠠᠨ ᠬᠥᠲᠥᠯ ᠳᠤ ᠭᠠᠨᠲᠢᠭ ᠴᠢᠯᠠᠭᠤ ᠪᠠᠷ ᠦᠷᠦᠵᠦ ᠲᠠᠯᠪᠢᠭᠰᠠᠨ ︽ᠬᠢᠯᠢ ᠪᠠᠨ ᠬᠠᠶᠢᠷᠠᠯᠠᠵᠦ ᠬᠢᠯᠢ ᠪᠠᠨ ᠬᠠᠮᠠᠭᠠᠯᠠᠨ ᠬᠢᠯᠢ ᠪᠠᠨ ᠰᠠᠬᠢᠨ ᠬᠢᠯᠢ ᠪᠠᠨ ᠬᠦᠴᠦᠷᠬᠡᠭᠵᠢᠭᠦᠯᠬᠦ︾ ᠭᠡᠬᠦ ᠬᠡᠳᠦᠨ ᠲᠤᠮᠤ ᠦᠰᠦᠭ ᠤᠨᠴᠠ ᠶᠢᠨ ᠢᠯᠡᠷᠬᠡᠢ ᠬᠠᠷᠠᠭᠳᠠᠵᠦ ᠪᠠᠶᠢᠯ᠎ᠠ᠃ ᠬᠤᠷᠢᠭᠠᠳ ᠵᠢᠯ ᠤᠨ ᠳᠤᠷᠰᠢ᠂ ᠸᠠᠩ ᠢᠦᠶ ᠹᠠ ᠬᠢᠯᠢ ᠬᠢᠵᠠᠭᠠᠷ ᠢ ᠴᠠᠭᠳᠠᠨ ᠰᠠᠬᠢᠬᠤ ᠶᠢ ᠥᠪᠡᠷ ᠤᠨ ᠡᠬᠦᠷᠭᠡ ᠪᠠᠨ ᠪᠣᠯᠭᠠᠵᠤ᠂ ᠡᠳᠦᠷ ᠪᠦᠷᠢ ᠬᠢᠯᠢ ᠶᠢᠨ ᠬᠠᠮᠠᠭᠠᠯᠠᠯᠳᠠ ᠶᠢᠨ ᠱᠤᠭᠤᠮ ᠢ ᠳᠠᠭᠠᠵᠦ ᠬᠡᠳᠦᠨ ᠺᠢᠯᠣᠮᠧᠲᠷ ᠪᠤᠶᠤ ᠠᠷᠪᠠᠨ ᠬᠡᠳᠦᠨ ᠺᠢᠯᠣᠮᠧᠲᠷ ᠶᠠᠪᠤᠵᠤ᠂ ᠲᠠᠨᠢᠯ ᠪᠤᠰᠤ ᠬᠥᠮᠦᠨ ᠪᠤᠶᠤ ᠣᠨᠴᠠᠭᠠᠶ ᠶᠠᠪᠤᠳᠠᠯ ᠪᠠᠶᠢᠬᠤ ᠡᠰᠡᠬᠦ ᠶᠢ ᠴᠠᠭᠳᠠᠳᠠᠭ᠃ 2019 ᠣᠨ ᠳᠤ᠂ ᠳᠡᠷᠡ ᠰᠠᠨᠠᠭᠠᠴᠢᠯᠠᠭ᠎ᠠ ᠠᠴᠠ ᠪᠠᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠶᠢᠨ ᠡᠩᠨᠡᠭᠡᠨ ᠳᠤ ᠤᠷᠤᠵᠦ᠂ ᠨᠠᠩ ᠤᠯᠠᠨ ᠬᠢᠯᠢ ᠬᠢᠵᠠᠭᠠᠷ ᠤᠨ ᠬᠠᠮᠠᠭᠠᠯᠠᠬᠴᠢ ᠲᠠᠢ ᠨᠠᠶᠢᠵᠠᠯᠠᠨ᠂ ᠬᠠᠮᠳᠦᠪᠡᠷ ᠬᠡᠷ ᠤᠷᠤᠨ ᠢᠶᠠᠷ ᠰᠠᠬᠢᠨ ᠪᠠᠷᠠᠯᠠᠬᠰᠠᠨ ᠪᠠᠶᠢᠯ᠎ᠠ᠃     ︽ᠬᠢᠯᠢ ᠬᠢᠵᠠᠭᠠᠷ ᠢ ᠬᠠᠮᠠᠭᠠᠯᠠᠬᠤ ᠪᠣᠯ ᠮᠢᠨᠦ ᠳᠤᠬᠠᠶᠢᠯᠠᠭᠰᠠᠨ ᠠᠵᠢᠯ ᠪᠣᠯᠬᠤ ᠪᠠᠷ ᠪᠠᠷᠠᠬᠤ ᠦᠭᠡᠢ᠂ ᠨᠡᠩ ᠴᠤ ᠳᠠᠷᠬᠠᠨ ᠬᠠᠷᠢᠭᠤᠴᠠᠯᠭ᠎ᠠ ᠪᠤᠯᠤᠨ᠎ᠠ︾ ᠭᠡᠵᠦ ᠸᠠᠩ ᠢᠦᠢ ᠹᠠ ᠦᠷᠭᠦᠯᠵᠢ ᠬᠡᠯᠡᠳᠡᠭ᠃     2019 ᠣᠨ ᠳᠤ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠶᠡᠷᠦᠩᠬᠡᠶ ᠥᠷᠲᠡᠭᠡ ᠶᠢᠨ ᠬᠢᠩᠭᠠᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ᠂ ᠦᠵᠡᠮᠵᠢ ᠶᠢᠨ ᠣᠷᠣᠨ ᠤ ᠠᠮᠤᠷ ᠢ ᠬᠠᠮᠠᠭᠠᠯᠠᠭᠴᠢ᠂ ᠠᠮᠤᠷ ᠢ ᠬᠠᠮᠠᠭᠠᠯᠠᠬᠤ ᠰᠠᠶᠢᠨ ᠲᠤᠷᠠᠴᠤᠤᠯ ᠵᠡᠷᠭᠡ ᠨᠡᠶᠢᠭᠡᠮ ᠤᠨ ᠬᠦᠴᠦᠨ ᠢ ᠵᠤᠬᠢᠶᠠᠨ ᠪᠠᠶᠢᠭᠤᠯᠵᠦ ᠪᠠᠶᠢᠭᠠᠳ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠶᠢᠨ ᠡᠩᠨᠡᠭᠡ ᠶᠢ ᠪᠠᠶᠢᠭᠤᠯᠵᠠᠢ᠃ ᠡᠭᠦᠨ ᠤ ᠬᠠᠮᠳᠦ ᠷᠠᠰᠢᠶᠠᠨ ᠬᠤᠲᠠ ︽ᠬᠢᠯᠢ ᠶᠢᠨ ᠬᠠᠮᠢᠶᠠᠷᠤᠯᠲᠠ ᠶᠢᠨ ᠠᠷᠠᠳ ᠤᠨ ᠴᠠᠭᠳᠠᠭ᠎ᠠ + ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ + ᠬᠢᠯᠢ ᠶᠢᠨ ᠬᠠᠮᠠᠭᠠᠯᠠᠭᠴᠢ︾ ᠶᠢᠨ ᠰᠢᠨ᠎ᠡ ᠬᠡᠪ ᠵᠠᠭᠪᠤᠷ ᠢ ᠪᠣᠶ ᠪᠣᠯᠭᠠᠵᠤ᠂ 75 ᠬᠥᠮᠦᠨ ᠠᠴᠠ ᠪᠠᠨ ᠣᠲᠣ ᠶᠢᠨ 900 ᠰᠢᠬᠠᠮ ᠬᠥᠮᠦᠨ ᠪᠣᠯᠵᠣ ᠬᠥᠭᠵᠢᠵᠥ᠂ ᠬᠢᠯᠢ ᠶᠢᠨ ᠬᠠᠮᠠᠭᠠᠯᠠᠯᠳᠠ ᠶᠢᠨ ᠬᠠᠮᠢᠶᠠᠷᠤᠨ ᠡᠵᠡᠮᠳᠡᠬᠦ ᠠᠵᠢᠯ ᠤᠨ ᠪᠠᠶᠢᠳᠠᠯ ᠢ ᠤᠯᠠᠮ ᠨᠢᠭᠡ ᠠᠯᠬᠤᠮ ᠥᠷᠭᠡᠳᠭᠡᠵᠡᠶ᠃ ᠤᠯᠠᠮ ᠠᠴᠠ ᠤᠯᠠᠮ ᠤᠯᠠᠨ ᠬᠢᠯᠢ ᠶᠢᠨ ᠠᠷᠠᠳ ᠰᠠᠶᠢᠨ ᠳᠤᠷ᠎ᠠ ᠠᠴᠠ ᠪᠠᠨ ︽ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ︾ ᠶᠢᠨ ᠡᠩᠨᠡᠭᠡ ᠳᠤ ᠣᠷᠣᠵᠤ᠂ ︽ᠨᠢᠭᠡ ᠠᠵᠢᠯᠯᠠᠬᠤ ᠭᠠᠵᠠᠷ ᠪᠣᠯ ᠨᠢᠭᠡ ᠬᠠᠷᠠᠭᠤᠯ ᠤᠨ ᠭᠠᠵᠠᠷ᠂ ᠨᠢᠭᠡ ᠬᠢᠯᠢ ᠶᠢᠨ ᠠᠷᠠᠳ ᠪᠣᠯ ᠨᠢᠭᠡ ᠬᠠᠷᠠᠭᠤᠯ ᠤᠨ ᠴᠡᠷᠢᠭ︾ ᠭᠡᠬᠦ ᠬᠢᠯᠢ ᠶᠢᠨ ᠬᠠᠮᠢᠶᠠᠷᠤᠯᠲᠠ ᠶᠢᠨ ᠵᠠᠭᠪᠤᠷ ᠢ ᠪᠦᠷᠢᠯᠳᠦᠭᠦᠯᠵᠠᠢ᠃     ᠤᠳᠤ ᠬᠢᠩᠭᠠᠨ ᠠᠶᠢᠮᠠᠭ ︽ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ︾᠂ ︽ᠲᠠᠯ᠎ᠠ ᠨᠤᠲᠤᠭ ᠢ ᠰᠠᠬᠢᠨ ᠪᠠᠷᠠᠯᠠᠬᠤ ᠴᠠᠭᠳᠠᠨ ᠰᠡᠷᠭᠡᠶᠢᠯᠡᠬᠦ ᠠᠩᠬᠢ︾ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠠ ᠶᠢ ᠳᠡᠯᠭᠡᠷᠡᠭᠦᠯᠵᠦ᠂ ᠬᠢᠯᠢ ᠬᠢᠵᠠᠭᠠᠷ ᠢ ᠳᠤᠭᠳᠠᠪᠤᠷᠢᠵᠢᠭᠤᠯᠬᠤ᠂ ᠬᠢᠯᠢ ᠬᠢᠵᠠᠭᠠᠷ ᠢ ᠪᠠᠬᠢᠵᠢᠭᠦᠯᠬᠦ᠂ ᠬᠢᠯᠢ ᠬᠢᠵᠠᠭᠠᠷ ᠢ ᠬᠥᠭᠵᠢᠭᠦᠯᠬᠦ᠂ ᠬᠢᠯᠢ ᠬᠢᠵᠠᠭᠠᠷ ᠢ ᠬᠠᠮᠠᠭᠠᠯᠠᠬᠤ ︽ᠲᠦᠷᠪᠡᠨ ᠲᠠᠯ᠎ᠠ ᠶᠢᠨ ᠢᠨᠵᠧᠨᠧᠷᠢᠩ︾ ᠢ ᠴᠢᠨᠠᠷ ᠰᠠᠶᠢᠲᠠᠢ ᠠᠬᠢᠭᠤᠯᠵᠤ ᠪᠤᠢ᠃                       · ᠤᠭ᠍ᠶᠦ ᠯᠢᠦ ᠶᠧ ·
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号