ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠤᠨ ᠤ 1 — 8 ᠳ᠋ᠣᠭᠠᠷ ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2025/1/3
    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠤᠨ ᠤ 1 — 8 ᠳ᠋ᠤᠭᠠᠷ ᠰᠠᠷ᠎ᠠ ᠳᠤ ᠠᠵᠤ ᠠᠬᠤᠶ ᠶᠢᠨ ᠭᠦᠢᠴᠡᠳᠭᠡᠯ ᠲᠤᠭ᠎ᠠ ᠲᠣᠭᠲᠠᠭᠤᠨ ᠢᠶᠠᠷ ᠨᠡᠮᠡᠭᠳᠡᠵᠦ᠂ ᠠᠵᠤ ᠠᠬᠤᠶ ᠶᠢᠨ ᠠᠵᠢᠯᠯᠠᠭᠠᠨ ᠳᠤ ᠰᠠᠶᠢᠨ ᠪᠠᠶᠢᠳᠠᠯ ᠢᠯᠡᠷᠡᠵᠡᠶ᠂ ᠠᠵᠢᠯ ᠲᠥᠷᠥᠯ ᠢᠶᠠᠷ ᠬᠤᠪᠢᠶᠠᠵᠤ ᠦᠵᠡᠪᠡᠯ᠄    ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠡᠯᠢᠶᠡᠳ ᠰᠠᠶᠢᠨ ᠪᠠᠶᠢᠨ᠎ᠠ᠄ 1 — 8 ᠳ᠋ᠣᠭᠠᠷ ᠰᠠᠷ᠎ᠠ ᠳᠤ᠂ ᠮᠠᠨ ᠤ ᠬᠤᠰᠢᠭᠤᠨ ᠤ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 38.18 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠰᠠᠷ᠎ᠠ ᠳᠤ 9.43 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠵᠦ᠂ ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ ᠭᠤᠷᠪᠠᠳᠤᠭᠠᠷ ᠲᠤ ᠣᠷᠣᠪᠠ᠃ ᠡᠭᠦᠨ ᠳᠤ᠄ ᠪᠠᠯᠠ ᠣᠷᠣᠭᠤᠯᠤᠯᠲᠠ ᠶᠢᠨ ᠲᠥᠷᠥᠯ ᠵᠦᠢᠯ ᠢ 32.31 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ 5.87 ᠳ᠋ᠦᠩᠰᠢᠭᠤᠷ ᠲᠥᠭᠦᠷᠢᠭ ᠪᠡᠶᠡᠯᠡᠭᠦᠯᠪᠡ᠃    ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠥᠷᠲᠡᠭ ᠦᠷᠭᠦᠯᠵᠢᠯᠡᠨ ᠥᠰᠪᠡ᠄ 1 — 8 ᠳ᠋ᠣᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠦᠢᠯᠡᠳᠭᠦᠨ ᠤ ᠪᠥᠬᠦ ᠥᠷᠲᠡᠭ ᠢ ᠳᠡᠭᠡᠭᠰᠢ ᠮᠡᠳᠡᠭᠦᠯᠬᠦ ᠶᠢ 39.37 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠵᠦ᠂ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠭᠤᠷᠪᠠᠳᠤᠭᠠᠷ ᠲᠤ ᠣᠷᠣᠪᠠ᠃    ᠪᠥᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠲᠣᠭᠲᠠᠭᠤᠨ ᠪᠠᠶᠢᠬᠤ ᠶᠢᠨ ᠵᠡᠷᠭᠡ ᠳᠤ ᠠᠬᠢᠯᠲᠠ ᠲᠠᠢ ᠪᠣᠯᠪᠠ᠄ 1 — 8 ᠳ᠋ᠣᠭᠠᠷ ᠰᠠᠷ᠎ᠠ ᠳᠤ᠂ ᠬᠢᠵᠠᠭᠠᠷᠯᠠᠭᠰᠠᠨ ᠠᠴᠠ ᠳᠡᠭᠡᠭᠰᠢᠬᠢ ᠠᠵᠤ ᠠᠬᠤᠶᠢᠯᠠᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ  ᠶᠡᠷᠦᠩᠬᠡᠢ ᠲᠤᠭ᠎ᠠ 10.27 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠪᠠᠭᠤᠷᠠᠪᠠ᠃ ᠪᠥᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 13.72 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠪᠡ᠃ ᠪᠥᠬᠦ ᠠᠶᠢᠮᠠᠭ ᠤᠨ ᠪᠥᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭᠠᠨ ᠤ ᠨᠡᠮᠡᠭᠳᠡᠯ ᠤᠨ ᠬᠤᠷᠳᠤᠴᠠ ᠳᠦᠷᠪᠡᠳᠦᠭᠡᠷ ᠲᠤ ᠤᠷᠤᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号