2024 ᠣᠨ ᠤ ᠲᠦᠷᠦᠭᠦᠤ ᠭᠤᠷᠪᠠᠨ ᠤᠯᠠᠷᠢᠯ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ  ᠤ ᠲᠤᠮᠳᠠ ᠰᠠᠶᠢᠵᠢᠷᠠᠪᠠ
ᠨᠡᠶᠢᠲᠡᠯᠡᠭᠰᠡᠨ ᠴᠠᠭ᠄
2025/1/3
      ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠡᠯ᠎ᠡ ᠵᠦᠢᠯ ᠤᠨ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠠᠵᠤ ᠠᠬᠤᠶ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠤᠷᠪᠠᠳᠤᠭᠠᠷ ᠤᠯᠠᠷᠢᠯ ᠳᠤ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ  ᠤ ᠲᠤᠮᠳᠠ ᠤᠷᠤᠭᠰᠢᠯᠠᠪᠠ᠃    ᠬᠤᠰᠢᠭᠤ ᠰᠢᠶᠠᠨ ᠬᠤᠲᠠ ᠶᠢᠨ ᠦᠢᠯᠡᠳᠪᠤᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ 66.21 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 18.31 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 18.68 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.6% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 29.22 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠪᠡ᠃    ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠦᠢᠴᠡᠳᠬᠡᠯ ᠲᠤᠭ᠎ᠠ ᠲᠣᠭᠲᠠᠭᠤᠨ ᠢᠶᠠᠷ ᠨᠡᠮᠡᠭᠳᠡᠪᠡ    2024 ᠣᠨ ᠤ ᠲᠦᠷᠦᠭᠦᠤ ᠭᠤᠷᠪᠠᠨ ᠤᠯᠠᠷᠢᠯ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠨᠡᠷᠡᠰ ᠤᠨ ᠵᠢᠭᠰᠠᠭᠠᠯᠲᠠ ᠳᠤ ᠨᠡᠶᠢᠲᠡ 24 ᠠᠵᠤ ᠦᠢᠯᠡᠳᠪᠤᠷᠢ ᠶᠢᠨ ᠠᠵᠤ ᠠᠬᠤᠶᠢᠯᠠᠯ ᠪᠣᠶ᠃ ᠲᠦᠷᠦᠭᠦᠦ ᠭᠤᠷᠪᠠᠨ ᠤᠯᠠᠷᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠤᠨ ᠨᠡᠮᠡᠭᠳᠡᠯ ᠤᠨ ᠬᠤᠷᠳᠤᠴᠠ 6.3% ᠳᠤ ᠬᠦᠷᠴᠦ᠂ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ 4.9% ᠳᠤ ᠬᠦᠷᠴᠡᠢ᠃    ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠰᠠᠶᠢᠨ    ᠲᠦᠷᠦᠭᠦᠤ ᠭᠤᠷᠪᠠᠨ ᠤᠯᠠᠷᠢᠯ ᠳᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 18.5% ᠪᠠᠶᠢᠵᠤ᠂ ᠡᠭᠦᠨ ᠳᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠲᠤᠭ᠎ᠠ 6.5 ᠳ᠋ᠦᠩᠰᠢᠭᠤᠷ ᠲᠥᠭᠦᠷᠢᠭ ᠲᠤ ᠬᠦᠷᠴᠡᠶ᠃    ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠶᠡᠷᠦᠩᠬᠡᠢ ᠳᠡᠭᠡᠨ ᠲᠤᠭᠳᠠᠭᠤᠨ    ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 15.33 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠪᠡ᠃    ᠰᠠᠭᠤᠭᠠᠯᠢ ᠠᠷᠠᠳ ᠤᠨ ᠬᠥᠮᠦᠨ ᠲᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠡᠮᠡᠭᠳᠡᠵᠡᠢ    ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21562 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠠᠴᠠ ᠦᠵᠡᠪᠡᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 32395 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠵᠡᠶ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 12833 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃    ᠶᠡᠷᠦᠩᠬᠡᠶ ᠳᠤᠨᠢ ᠠᠪᠴᠤ ᠦᠵᠡᠪᠡᠯ᠂ ᠲᠦᠷᠦᠭᠦᠤ ᠭᠤᠷᠪᠠᠨ ᠤᠯᠠᠷᠢᠯ ᠳᠤ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠶᠢ ᠳᠠᠭᠠᠯᠳᠤᠨ᠂ ᠢᠳᠡᠪᠬᠢᠲᠡᠶ ᠬᠦᠴᠦᠨ ᠵᠦᠢᠯ ᠨᠡᠮᠡᠭᠳᠡᠵᠦ᠂ ᠦᠢᠯᠡᠳᠪᠤᠷᠢᠯᠡᠯ ᠤᠨ ᠬᠡᠷᠡᠭᠴᠡᠭᠡ ᠲᠣᠭᠲᠠᠭᠤᠨ ᠢᠶᠠᠷ ᠨᠡᠮᠡᠭᠳᠡᠨ᠂ ᠠᠵᠤ ᠠᠬᠤᠶ ᠶᠢᠨ ᠠᠵᠢᠯᠯᠠᠭᠠᠨ ᠤ ᠬᠠᠨᠳᠤᠰᠢ ᠲᠠᠰᠤᠷᠠᠯᠲᠠ ᠥᠬᠡᠶ ᠰᠠᠶᠢᠵᠢᠷᠠᠵᠤ ᠪᠠᠶᠢᠨ᠎ᠠ᠃ ᠡᠭᠦᠨ ᠤ ᠬᠠᠮᠳᠤ ᠣᠳᠣᠬᠠᠨ ᠤ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠵᠤ᠂ ᠪᠡᠯᠡ ᠣᠷᠣᠭᠤᠯᠤᠯᠲᠠ᠂ ᠬᠡᠷᠡᠭᠯᠡᠭᠡᠨ ᠤ ᠲᠠᠯᠳᠠ ᠬᠦᠴᠦᠨ ᠢ ᠮᠥᠨ ᠯᠡ ᠤᠯᠠᠮ ᠨᠢᠭᠡ ᠠᠯᠬᠤᠮ ᠪᠠᠳᠠᠷᠠᠭᠤᠯᠬᠤ ᠴᠢᠬᠤᠯᠠᠲᠠᠶ᠂ ᠠᠵᠤ ᠠᠬᠤᠶ ᠶᠢᠨ ᠦᠷᠭᠦᠯᠵᠢᠯᠡᠨ ᠲᠣᠭᠲᠠᠪᠤᠷᠢᠵᠢᠨ ᠰᠠᠶᠢᠵᠢᠷᠠᠬᠤ ᠰᠠᠭᠤᠷᠢ ᠶᠢ ᠪᠠᠰᠠ ᠪᠠᠬᠢᠵᠢᠭᠦᠯᠬᠦ ᠴᠢᠬᠤᠯᠠᠲᠠᠶ ᠪᠠᠶᠢᠬᠤ ᠶᠢ ᠴᠤ ᠣᠯᠵᠤ ᠬᠠᠷᠠᠬᠤ ᠬᠡᠷᠡᠭᠲᠡᠶ᠃ ᠲᠠᠷᠠᠭᠠᠴᠢ ᠶᠢᠨ ᠠᠯᠬᠤᠮ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠬᠡᠷᠡᠭᠴᠡᠭᠡ ᠱᠠᠭᠠᠷᠳᠠᠯᠭ᠎ᠠ ᠶᠢ ᠥᠷᠭᠡᠳᠬᠡᠨ ᠪᠠᠯᠠ ᠣᠷᠣᠭᠤᠯᠤᠯᠲᠠ᠂ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠰᠢᠨ᠎ᠡ ᠬᠥᠳᠡᠯᠭᠡᠬᠦ ᠬᠦᠴᠦᠨ ᠢ ᠪᠤᠵᠠᠭᠠᠶᠢᠷᠠᠭᠤᠯᠤᠨ ᠠᠵᠤ ᠦᠢᠯᠡᠰ ᠤᠨ ᠪᠣᠳᠠᠲᠤ ᠬᠦᠴᠦᠨ ᠢ ᠨᠡᠮᠡᠭᠳᠡᠭᠦᠯᠵᠦ᠂ ᠪᠥᠬᠦ ᠬᠤᠰᠢᠭᠤᠨ ᠤ ᠠᠵᠤ ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号