ᠭᠦᠢᠯᠡᠷ ᠪᠠᠯᠭᠠᠰᠤ ᠲᠣᠰᠬᠤᠨ ᠤ ᠦᠳᠡᠰᠢᠯᠡᠭᠡ ᠡᠷᠬᠢᠯᠡᠵᠡᠢ
ᠨᠡᠶᠢᠲᠡᠯᠡᠭᠰᠡᠨ ᠴᠠᠭ᠄
2025/1/6
        ᠣᠶᠢᠷ᠎ᠠ ᠳᠤ᠂ ︽ᠠᠶᠠᠯᠭᠤᠳᠤ ᠵᠢᠭᠤᠯᠴᠢᠯᠠᠯ ᠥᠪᠥᠷ ᠮᠣᠩᠭᠤᠯ  ᠡᠳᠦᠷ ᠪᠦᠷᠢ ᠰᠢᠨᠡᠯᠡᠵᠦ ᠪᠠᠶᠢᠨ᠎ᠠ︾ ᠭᠡᠬᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠪᠠᠯᠭᠠᠰᠤᠨ ᠤ ᠲᠤᠰᠬᠠᠶ ᠲᠠᠯᠠᠪᠠᠶ ︽ᠲᠣᠰᠬᠤᠨ ᠤ ᠦᠳᠡᠰᠢᠯᠡᠭᠡ︾ ᠭᠤᠶᠢᠳᠠ ᠰᠠᠶᠢᠬᠠᠨ ᠶᠠᠪᠤᠭᠳᠠᠪᠠ᠃    ︽ᠲᠣᠰᠬᠤᠨ ᠤ ᠦᠳᠡᠰᠢᠯᠡᠭᠡ︾ ᠶᠢᠨ ᠲᠣᠭᠯᠠᠯᠲᠠ ᠶᠢᠨ ᠠᠬᠤᠢ ᠲᠠᠯᠠᠪᠠᠢ ᠳᠤ᠂ ᠺᠠᠳ᠋ᠷ ᠤᠯᠠᠨ ᠲᠦᠮᠡᠨ ᠨᠢᠭᠡ ᠲᠠᠩᠬᠢᠮ ᠳᠤ ᠴᠤᠭᠯᠠᠷᠠᠵᠤ᠂ ᠪᠠᠶᠠᠷ ᠬᠦᠷ ᠢᠶᠠᠷ ᠪᠢᠯᠬᠠᠵᠤ ᠪᠠᠶᠢᠯ᠎ᠠ᠃ ᠠᠵᠢᠯᠯᠠᠭ᠎ᠠ ᠨᠢ ︽ᠦᠨᠡᠨᠴᠢ ᠰᠢᠳᠤᠷᠭᠤ ᠪᠠᠷ ᠡᠬᠡ ᠤᠯᠤᠰ ᠲᠠᠭᠠᠨ ᠵᠢᠳᠬᠦᠬᠦ︾ ᠭᠡᠬᠦ ᠪᠦᠵᠢᠭ ᠢᠶᠠᠷ ᠬᠥᠰᠢᠭᠡ ᠪᠠᠨ ᠰᠡᠬᠦᠵᠦ᠂ ᠲᠣᠰᠬᠤᠨ ᠤ ᠠᠷᠠᠳ ᠤᠨ ᠥᠪᠡᠷ ᠢᠶᠠᠨ ᠨᠠᠶᠢᠷᠠᠭᠤᠯᠵᠤ ᠥᠪᠡᠷ ᠢᠶᠠᠨ ᠤᠳᠤᠷᠢᠳᠴᠤ ᠥᠪᠡᠷ ᠢᠶᠠᠨ ᠲᠣᠭᠯᠠᠭᠰᠠᠨ ᠤᠷᠠᠨ ᠰᠠᠶᠢᠬᠠᠨ ᠤ ᠲᠣᠭᠯᠠᠯᠲᠠ ᠪᠠᠨ ᠡᠭᠡᠯᠵᠢᠯᠡᠨ ᠲᠣᠭᠯᠠᠵᠤ᠂ ᠱᠤᠭ ᠵᠦᠴᠦᠭᠡ᠂ ᠭᠤᠴᠣᠯᠠᠯ ᠪᠥᠵᠢᠭ᠂ ᠭᠤᠷᠪᠠᠨ ᠥᠭᠦᠯᠡᠪᠦᠷᠢ ᠬᠠᠭᠠᠰ ᠵᠡᠷᠭᠡ ᠲᠣᠭᠯᠠᠯᠲᠠ ᠨᠢ ᠤᠯᠠᠨ ᠤ ᠬᠦᠷᠢᠶᠡᠯᠡᠯ ᠢ ᠤᠯᠵᠠᠢ᠃     ︽︿ᠴᠠᠭᠠᠨ ᠰᠠᠷ᠎ᠠ ᠶᠢᠨ ᠦᠳᠡᠰᠢᠯᠡᠭᠡ﹀ ᠶᠢᠨ ᠠᠵᠢᠯᠯᠠᠭ᠎ᠠ ᠨᠢ ᠪᠢᠳᠡᠨ ᠳᠤ ᠤᠷ᠎ᠠ ᠴᠢᠳᠠᠪᠤᠷᠢ ᠪᠠᠨ ᠭᠠᠶᠢᠬᠠᠭᠤᠯᠬᠤ ᠰᠠᠶᠢᠨ ᠲᠣᠬᠢᠶᠠᠯ ᠣᠯᠭᠤᠵᠠᠶ᠂ ᠪᠢᠳᠡ ᠡᠨᠡ ᠬᠦ ᠠᠵᠢᠯᠯᠠᠭ᠎ᠠ ᠳᠤ ᠢᠯᠡᠭᠦᠬᠡᠨ ᠣᠷᠣᠯᠴᠠᠵᠤ᠂ ᠮᠠᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ︾ ᠭᠡᠵᠦ ᠨᠢᠩ ᠯᠢ ᠰᠢᠨ ᠪᠠᠶᠠᠷᠲᠠᠢ ᠪᠠᠷ ᠬᠡᠯᠡᠪᠡ᠃    ᠲᠤᠰ ᠤᠳᠠᠭᠠᠨ ᠤ ︽ᠲᠣᠰᠬᠤᠨ ᠤ ᠦᠳᠡᠰᠢᠯᠡᠭᠡ︾ ᠨᠢ ᠨᠤᠲᠤᠭ ᠤᠰᠤᠨ ᠳᠠᠭᠠᠨ ᠦᠨᠳᠦᠰᠦᠯᠡᠵᠦ᠂ ᠨᠤᠲᠤᠭ ᠤᠨ ᠠᠶᠠᠯᠭᠤ ᠶᠢ ᠠᠴᠢᠶᠠᠯᠠᠵᠤ᠂ ᠣᠷᠣᠨ ᠨᠤᠲᠤᠭ ᠤᠨ ᠣᠨᠴᠠᠯᠢᠭ ᠢ ᠭᠦᠢᠴᠡᠳ ᠢᠯᠡᠷᠡᠭᠦᠯᠵᠦ᠂ ᠤᠯᠠᠨ ᠳᠤ ᠨᠢᠭᠡ ᠤᠳᠠᠭᠠᠨ ᠤ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠬᠦᠷᠭᠡᠵᠡᠢ᠃    ︽ᠲᠤᠰ ᠤᠳᠠᠭ᠎ᠠ ᠶᠢᠨ ᠠᠵᠢᠯᠯᠠᠭ᠎ᠠ ᠮᠠᠨ ᠤ ᠪᠦᠬᠦ ᠪᠠᠯᠭᠠᠰᠤᠨ ᠤ ᠡᠯ᠎ᠡ ᠭᠠᠴᠠᠭ᠎ᠠ ᠲᠤᠰᠬᠤᠨ ᠤ ᠬᠤᠭᠤᠷᠣᠨᠳᠣᠬᠢ ᠡᠷᠳᠡᠮ ᠴᠢᠳᠠᠪᠤᠷᠢ ᠶᠢᠨ ᠮᠥᠷᠦ᠋ᠢᠴᠡᠭᠡᠨ ᠪᠣᠯᠤᠨ᠎ᠠ᠂ ᠠᠵᠢᠯᠯᠠᠭ᠎ᠠ ᠨᠢ ᠲᠣᠰᠬᠤᠨ ᠤ ᠠᠷᠠᠳ ᠤᠨ ᠪᠠᠶᠠᠷ ᠤᠨ ᠡᠳᠦᠷ ᠤᠨ ᠠᠮᠢᠳᠤᠷᠠᠯ ᠢ ᠪᠠᠶᠠᠯᠢᠭᠵᠢᠭᠤᠯᠵᠤ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠣᠶᠣᠯ ᠤᠨ ᠠᠮᠢᠵᠢᠷᠠᠯ ᠤᠨ ᠬᠦᠴᠦᠨ ᠢ ᠬᠥᠭᠵᠢᠭᠡᠭᠰᠡᠨ ᠪᠠᠶᠢᠨ᠎ᠠ︾ ᠭᠡᠵᠦ ᠭᠦᠢᠯᠡᠷ ᠨᠠᠮ ᠤᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠪᠠᠢ ᠶᠢᠩ ᠲᠠᠨᠢᠯᠴᠠᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号