ᠡᠮᠦᠨᠡᠳᠦ ᠬᠤᠰᠢᠭᠤᠨ ᠤ ᠡᠮᠴᠢᠯᠡᠭᠡᠨ ᠤ ᠬᠠᠮᠳᠦ ᠶᠢᠨ ᠴᠤᠬᠴᠠ ᠶᠢᠨ ᠶᠡᠷᠦᠩᠭᠡᠢ ᠡᠮᠨᠡᠯᠭᠡ ᠶᠢᠨ ᠬᠤᠷᠢᠶ᠎ᠠ 25 ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢ ᠬᠠᠪᠰᠤᠷᠤᠨ ᠳᠡᠳᠬᠦᠪᠡ
ᠨᠡᠶᠢᠲᠡᠯᠡᠭᠰᠡᠨ ᠴᠠᠭ᠄
2025/1/6
     ᠤᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠡᠮᠴᠢᠯᠡᠭᠡᠨ ᠤ ᠬᠠᠮᠳᠦ ᠶᠢᠨ ᠴᠤᠬᠴᠠ ᠶᠢᠨ ᠶᠡᠷᠦᠩᠭᠡᠢ ᠡᠮᠨᠡᠯᠭᠡ ᠶᠢᠨ ᠬᠤᠷᠢᠶ᠎ᠠ ᠶᠢᠨ ᠵᠢᠷᠦᠭᠡᠨ ᠤ ᠳᠤᠳᠤᠷ ᠰᠠᠯᠠᠭᠠᠨ ᠤ ᠬᠠᠪᠰᠤᠷᠤᠨ ᠳᠡᠳᠬᠦᠬᠦ ᠳᠤᠭᠤᠶᠢᠯᠠᠩ ᠠᠯᠳᠠᠷ ᠰᠤᠮᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠪᠠᠷ ᠬᠦᠷᠴᠦ᠂ ᠦᠨᠳᠦᠰᠤᠨ ᠱᠠᠳᠤᠨ ᠤ ᠡᠮᠴᠢᠯᠡᠭᠡᠨ ᠤ ᠠᠵᠢᠯᠳᠡᠳ ᠲᠤ ᠳᠤᠰᠬᠠᠢ ᠮᠡᠷᠭᠡᠵᠢᠯ ᠤᠨ ᠪᠤᠯᠪᠠᠰᠤᠷᠠᠯ ᠬᠦᠷᠳᠡᠭᠡᠵᠦ᠂ ᠡᠮᠴᠢᠯᠡᠭᠡ ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠳᠡ ᠶᠢ ᠠᠬᠢᠭᠤᠯᠪᠠ᠃     ᠬᠠᠪᠰᠤᠷᠤᠨ ᠳᠡᠳᠬᠦᠬᠦ ᠳᠤᠭᠤᠶᠢᠯᠠᠩ ᠠᠴᠠ ᠦᠨᠳᠦᠰᠤᠨ ᠱᠠᠳᠤᠨ ᠤ ᠡᠮ ᠡᠮᠴᠢᠯᠡᠭᠡᠨ ᠤ ᠪᠤᠳᠠᠳᠠᠢ ᠭᠡᠷᠡᠭᠴᠡᠭᠡ ᠱᠠᠭᠠᠷᠳᠠᠯᠭ᠎ᠠ ᠵᠢᠴᠢ ᠬᠦᠳᠡᠭᠡ ᠳᠤᠰᠬᠤᠨ ᠮᠠᠯᠵᠢᠬᠤ ᠤᠷᠤᠨ ᠤ ᠬᠦᠮᠦᠰ ᠤᠨ ᠦᠷᠬᠦᠯᠵᠢ ᠳᠤᠬᠢᠶᠠᠯᠳᠤᠳᠠᠬ ᠡᠪᠡᠳᠴᠢᠨ ᠡᠮᠭᠡᠭ ᠤᠨ ᠪᠠᠶᠢᠳᠡᠯ ᠳᠤ ᠴᠢᠭᠯᠡᠬᠦᠯᠤᠨ᠂ ᠦᠨᠳᠦᠷ ᠴᠢᠰᠤᠨ ᠳᠠᠷᠤᠯᠳᠠ ᠶᠢ ᠭᠡᠷᠬᠢᠨ ᠤᠨᠤᠰᠢᠯᠠᠨ ᠡᠮᠨᠡᠬᠦ᠂ ᠵᠤᠬᠢᠰᠳᠠᠢ ᠡᠮ ᠭᠡᠷᠡᠭᠯᠡᠬᠦ ᠦᠨᠳᠦᠰᠤᠨ ᠵᠠᠷᠴᠢᠮ ᠵᠡᠷᠭᠡ ᠶᠢ ᠭᠤᠤᠯᠳᠠᠯᠭ᠎ᠠ ᠲᠠᠢ ᠤᠬᠠᠭᠤᠯᠤᠨ ᠳᠠᠶᠢᠯᠪᠤᠷᠢᠯᠠᠵᠦ᠂ ᠡᠮᠴᠢᠯᠡᠭᠡᠨ ᠤ ᠠᠵᠢᠯᠳᠡᠳ ᠤᠨ ᠪᠤᠳᠠᠳᠠᠢ ᠠᠵᠢᠯᠯᠠᠭᠠᠨ ᠤ ᠴᠢᠳᠠᠪᠤᠷᠢ ᠶᠢ ᠳᠡᠭᠡᠭᠰᠢᠯᠡᠬᠦᠯᠪᠡ᠃     ᠨᠢᠳᠤᠨᠤᠨ ᠵᠢᠯ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠡᠮᠴᠢᠯᠡᠭᠡᠨ ᠤ ᠬᠠᠮᠳᠦ ᠶᠢᠨ ᠴᠤᠬᠴᠠ ᠶᠢᠨ ᠶᠡᠷᠦᠩᠭᠡᠢ ᠡᠮᠨᠡᠯᠭᠡ ᠶᠢᠨ ᠬᠤᠷᠢᠶ᠎ᠠ ᠠᠴᠠ ᠬᠤᠷᠢᠶᠠᠨ ᠤ ᠵᠢᠷᠦᠭᠡᠨ ᠤ ᠳᠤᠳᠤᠷ ᠰᠠᠯᠠᠭ᠎ᠠ᠂ ᠮᠡᠳᠡᠷᠡᠯ ᠤᠨ ᠳᠤᠳᠤᠷ ᠰᠠᠯᠠᠭ᠎ᠠ᠂ ᠶᠡᠰᠤᠨ ᠤ ᠭᠠᠳᠠᠷ ᠰᠠᠯᠠᠭ᠎ᠠ ᠵᠡᠷᠭᠡ ᠰᠠᠯᠠᠭ᠎ᠠ ᠳᠠᠰᠤᠬ ᠤᠨ ᠭᠤᠤᠯᠯᠠᠬᠤ ᠬᠦᠴᠦᠨ ᠢᠶᠠᠷ ᠪᠦᠷᠢᠯᠳᠦᠭᠰᠡᠨ ᠳᠤᠰᠬᠠᠢ ᠬᠠᠪᠰᠤᠷᠤᠨ ᠳᠡᠳᠬᠦᠬᠦ ᠳᠤᠭᠤᠶᠢᠯᠠᠩ ᠢ ᠵᠤᠬᠢᠶᠠᠨ ᠪᠠᠶᠢᠭᠤᠯᠤᠨ᠂ ᠦᠨᠳᠦᠰᠤᠨ ᠱᠠᠳᠤᠨ ᠢᠶᠠᠷ ᠬᠦᠨᠵᠡᠭᠡᠶᠢᠷᠡᠬᠦᠯᠤᠨ ᠰᠢᠨᠵᠢᠯᠡᠨ ᠪᠠᠶᠢᠴᠠᠭᠠᠬᠤ᠂ ᠳᠤᠬᠠᠢ ᠶᠢᠨ ᠳᠠᠯᠠᠪᠤᠷ ᠤᠨ ᠵᠢᠭᠠᠨ ᠰᠤᠷᠭᠠᠯᠳᠠ ᠵᠡᠷᠭᠡ ᠪᠠᠷ ᠳᠠᠮᠵᠢᠨ ᠪᠦᠬᠦ ᠬᠤᠰᠢᠭᠤᠨ ᠤ 25 ᠰᠤᠮᠤ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢ ᠡᠮ ᠡᠮᠴᠢᠯᠡᠭᠡ ᠪᠠᠷ ᠬᠠᠪᠰᠤᠷᠤᠨ ᠳᠡᠳᠬᠦᠵᠦ᠂ ᠦᠨᠳᠦᠰᠤᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠡᠮᠴᠢᠯᠡᠭᠡᠨ ᠤ ᠬᠢᠷᠢ ᠲᠦᠪᠰᠢᠨ ᠪᠠ ᠦᠢᠯᠡᠴᠢᠯᠡᠭᠡ ᠬᠠᠮᠢᠶᠠᠷᠤᠯᠳᠠ ᠶᠢᠨ ᠴᠢᠨᠠᠷ ᠴᠢᠨᠰᠠᠭ᠎ᠠ ᠶᠢ ᠪᠦᠬᠦ ᠳᠠᠯ᠎ᠠ ᠪᠠᠷ ᠳᠡᠭᠡᠭᠰᠢᠯᠡᠬᠦᠯᠬᠦ ᠳᠤ ᠠᠬᠢᠭᠤᠯᠬᠤ ᠦᠢᠯᠡᠳᠦᠯ ᠦᠵᠡᠬᠦᠯᠦᠭᠰᠡᠨ ᠪᠠᠶᠢᠨ᠎ᠠ᠃              ︵ᠬᠣ᠋ ᡁᠢ ᠮᠢᠨ ᠯᠢᠦ ᠯᠢ ᡁᠢ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号