︽ᠮᠥᠰᠥ ᠴᠠᠰᠤᠳᠤ ᠬᠢᠩᠭᠠᠨ · ᠠᠮᠢᠵᠢᠷᠠᠯ ᠤᠨ ᠬᠦᠴᠦᠨ ᠲᠠᠢ ᠳᠤᠮᠳᠠᠳᠤ ᠤᠯᠤᠰ︾ ᠭᠡᠬᠦ ᠭᠤᠤᠯ ᠰᠡᠳᠦᠪᠲᠦ ᠰᠤᠷᠪᠤᠯᠵᠢᠯᠠᠭ᠎ᠠ ᠶᠢᠨ ᠪᠦᠯᠬᠦᠮ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠡᠢ
ᠨᠡᠶᠢᠲᠡᠯᠡᠭᠰᠡᠨ ᠴᠠᠭ᠄
2025/1/6
    1 ᠰᠠᠷ᠎ᠠ ᠶᠢᠨ 2 ᠤᠨ ᠡᠳᠦᠷ᠂ ︽ᠮᠥᠰᠥ ᠴᠠᠰᠤᠳᠤ ᠬᠢᠩᠭᠠᠨ · ᠠᠮᠢᠵᠢᠷᠠᠯ ᠤᠨ ᠬᠦᠴᠦᠨ ᠲᠠᠢ ᠳᠤᠮᠳᠠᠳᠤ ᠤᠯᠤᠰ︾ ᠭᠡᠬᠦ ᠭᠤᠤᠯ ᠰᠡᠳᠦᠪᠲᠦ ᠰᠤᠷᠪᠤᠯᠵᠢᠯᠠᠭ᠎ᠠ ᠶᠢᠨ ᠪᠦᠯᠬᠦᠮ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠦ᠂ ᠲᠥᠪᠯᠡᠷᠡᠭᠦᠯᠦᠨ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠵᠦ ᠢᠦᠢ ᠪᠢᠨ ᠠᠵᠢᠯᠯᠠᠭ᠎ᠠ ᠳᠤ ᠣᠷᠣᠯᠴᠠᠪᠠ᠃    ᠠᠷᠠᠳ ᠤᠨ ᠡᠳᠦᠷ ᠤᠨ ᠰᠣᠨᠢᠨ᠂ ᠰᠢᠨᠬᠤᠸᠠ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠂ ᠭᠤᠸᠠᠩᠮᠢᠩ ᠡᠳᠦᠷ ᠤᠨ ᠰᠣᠨᠢᠨ ᠤ ᠬᠤᠷᠢᠶ᠎ᠠ᠂ ᠠᠵᠤ ᠠᠬᠤᠶ ᠶᠢᠨ ᠡᠳᠦᠷ ᠤᠨ ᠰᠣᠨᠢᠨ ᠤ ᠬᠤᠷᠢᠶ᠎ᠠ᠂ ᠯᠠᠪᠯᠠᠯᠲᠠ ᠶᠢᠨ ᠮᠡᠳᠡᠭᠡ ᠰᠣᠨᠢᠨ᠂ ᠳᠤᠮᠳᠠᠳᠤ ᠤᠯᠤᠰ ᠤᠨ ᠰᠣᠨᠢᠨ ᠮᠡᠳᠡᠭᠡᠨ ᠤ ᠬᠤᠷᠢᠶ᠎ᠠ᠂ ᠠᠷᠠᠳ ᠤᠨ ᠰᠦᠯᠵᠢᠶ᠎ᠡ ᠵᠡᠷᠭᠡ ᠲᠥᠪ ᠤᠨ ᠵᠠᠭᠤᠴᠢᠯᠠᠭᠤᠷ ᠵᠢᠴᠢ ᠣᠷᠣᠨ᠂ ᠠᠶᠢᠮᠠᠭ ᠤᠨ ᠵᠠᠭᠤᠴᠢᠯᠠᠭᠤᠷ ᠤᠨ ᠰᠤᠷᠪᠤᠯᠵᠢᠯᠠᠭᠴᠢ᠂ ᠰᠦᠯᠵᠢᠶᠡᠨ ᠤ ᠪᠦᠷᠭᠡ ᠶᠢᠨ ᠡᠵᠡᠨ ᠵᠡᠷᠭᠡ 30 ᠭᠠᠷᠤᠶ ᠬᠥᠮᠦᠨ ᠢᠶᠠᠷ ᠪᠦᠷᠢᠯᠳᠦᠭᠰᠡᠨ ᠰᠤᠷᠪᠤᠯᠵᠢᠯᠠᠬᠤ ᠪᠦᠯᠬᠦᠮ᠂ ᠲᠠᠨᠢᠯᠴᠠᠭᠤᠯᠭ᠎ᠠ ᠶᠢ ᠰᠣᠨᠣᠰᠴᠤ᠂ ᠬᠥᠭᠵᠢᠯᠲᠡ ᠶᠢ ᠶᠠᠷᠢᠯᠴᠠᠵᠤ᠂ ᠰᠢᠨ᠎ᠡ ᠶᠢ ᠡᠭᠦᠳᠬᠦ ᠶᠢ ᠠᠰᠠᠭᠤᠵᠤ᠂ ᠠᠷᠠᠳ ᠤᠨ ᠰᠠᠨᠠᠯ ᠢ ᠰᠣᠨᠣᠰᠴᠤ᠂ ᠡᠮᠦᠨ᠎ᠡ ᠹᠷᠣᠨᠲ ᠲᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠲᠡᠮᠳᠡᠭᠯᠡᠪᠡ᠃    ︽ᠵᠢᠭᠤᠯᠴᠢᠯᠠᠯ ᠤᠨ ᠭᠡᠷᠡᠯ ᠵᠢᠷᠤᠭ ᠤᠨ ᠪᠦᠷᠭᠡ ᠶᠢᠨ ᠡᠵᠡᠨ ᠪᠣᠯᠤᠭᠰᠠᠨ ᠤ ᠬᠤᠪᠢ ᠳᠤ᠂ ᠥᠨᠥᠳᠦᠷ ᠪᠢ ᠶᠡᠬᠡᠳᠡ ᠰᠡᠳᠬᠢᠯ ᠳᠣᠭᠳᠣᠯᠵᠤ᠂ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ᠂ ᠲᠤᠬᠠᠢ ᠶᠢᠨ ᠭᠠᠵᠠᠷ ᠤᠨ ᠰᠢᠨ᠎ᠡ ᠵᠢᠯ ᠤᠨ ᠳ᠋ᠧᠩ ᠤᠨ ᠴᠤᠭᠯᠠᠭᠠᠨ ᠵᠢᠴᠢ ᠠᠷᠠᠳ ᠤᠨ ᠵᠠᠩ ᠦᠢᠯᠡ ᠶᠢᠨ ᠣᠨᠴᠠᠯᠢᠭ᠂ ᠭᠠᠷ ᠤᠷᠠᠯᠠᠯ ᠤᠨ ᠰᠣᠶᠣᠯ ᠵᠡᠷᠭᠡ ᠶᠢ ᠪᠠᠭᠲᠠᠭᠠᠭᠰᠠᠨ ᠦᠵᠡᠰᠬᠦᠯᠡᠩᠲᠦ ᠰᠠᠶᠢᠬᠠᠨ ᠦᠵᠡᠮᠵᠢ ᠲᠠᠢ ᠪᠣᠯᠤᠭᠰᠠᠨ ᠨᠢ ᠨᠠᠳᠠ ᠳᠤ ᠡᠨᠡ ᠤᠳᠠᠭ᠎ᠠ ᠶᠢᠨ ᠠᠶᠠᠯᠠᠯ ᠢ ᠲᠠᠯᠠᠭᠠᠷ ᠥᠩᠭᠡᠷᠡᠭᠦᠯᠦᠭᠰᠡᠨ ᠦᠭᠡᠢ ᠶᠤᠮ︾ ᠭᠡᠵᠦ ᠰᠦᠯᠵᠢᠶᠡᠨ ᠤ ᠪᠦᠷᠭᠡ ᠶᠢᠨ ᠡᠵᠡᠨ ᠰᠢᠨ ᠴᠢ ᠬᠡᠯᠡᠪᠡ᠃ ᠰᠤᠷᠪᠤᠯᠵᠢᠯᠠᠭ᠎ᠠ ᠶᠢᠨ ᠪᠦᠯᠬᠦᠮ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠣ ᠰᠤᠮᠤ ᠶᠢᠨ ᠰᠠᠷᠠᠯᠠᠩ ᠡᠮᠡᠭᠲᠡᠶᠢᠴᠦᠳ ᠤᠨ ᠦᠨᠳᠦᠰᠦᠲᠡᠨ ᠤ ᠭᠠᠷ ᠤᠷᠠᠯᠠᠯ ᠤᠨ ᠬᠤᠷᠰᠢᠶ᠎ᠠ᠂ ᠬᠤᠷᠴᠢᠨ ᠪᠠᠯᠭᠠᠰᠤᠨ ᠤ ᠹᠠᠨ ᠴᠢᠶᠧ ᠨᠢᠭᠡᠳᠦᠯ ᠪᠣᠯᠤᠨ ᠭᠦᠢᠯᠡᠷ ᠭᠤᠣᠯ ᠤᠨ ᠠᠮᠢ ᠠᠬᠤᠢ ᠶᠢᠨ ᠴᠡᠴᠡᠷᠯᠢᠭ ᠢᠶᠠᠷ ᠬᠦᠷᠴᠦ ᠰᠤᠷᠪᠤᠯᠵᠢᠯᠠᠨ ᠮᠡᠳᠡᠭᠡᠯᠡᠪᠡ᠃ ᠲᠠᠳᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠳᠠᠰ ᠤᠨ ᠪᠤᠰᠤ ᠰᠣᠶᠣᠯ ᠤᠨ ᠥᠪ᠂ ᠮᠥᠰᠥ ᠴᠠᠰᠤᠨ ᠤ ᠵᠢᠭᠤᠯᠴᠢᠯᠠᠯ᠂ ᠦᠢᠯᠡᠰ ᠪᠤᠰᠬᠠᠭᠰᠠᠨ ᠥᠯᠢᠭᠡᠷ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠬᠠᠮᠢᠶ᠎ᠠ ᠪᠥᠬᠦᠶ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠯᠠᠨ ᠲᠠᠯ᠎ᠠ ᠠᠴᠠ᠂ ᠪᠥᠬᠦ ᠲᠠᠯ᠎ᠠ ᠪᠠᠷ᠂ ᠪᠣᠰᠤᠭ᠎ᠠ ᠴᠣᠭᠴᠠᠲᠤ ᠬᠡᠯᠪᠡᠷᠢ ᠪᠠᠷ ᠰᠤᠷᠪᠤᠯᠵᠢᠯᠠᠬᠤ ᠪᠠᠷ ᠳᠡᠮᠵᠢᠨ᠂ ᠪᠠᠰᠠ ᠥᠪᠡᠷ ᠤᠨ ᠠᠩᠬᠠᠷᠴᠤ ᠪᠠᠶᠢᠭ᠎ᠠ ᠠᠰᠠᠭᠤᠳᠠᠯ ᠤᠨ ᠢᠶᠠᠨ ᠲᠤᠬᠠᠶ ᠰᠤᠷᠪᠤᠯᠵᠢᠯᠠᠭ᠎ᠠ ᠬᠢᠵᠡᠶ᠃ ᠡᠭᠦᠨ ᠤ ᠳᠣᠲᠣᠷ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠠᠩᠬ᠎ᠠ ᠤᠳᠠᠭ᠎ᠠ ᠢᠷᠡᠵᠦ ᠪᠠᠶᠢᠭ᠎ᠠ ᠵᠠᠭᠤᠴᠢᠯᠠᠭᠤᠷ ᠤᠨ ᠬᠢᠨ ᠣᠯᠠᠨ ᠪᠠᠶᠢᠨ᠎ᠠ᠃ ︽ᠪᠢ ᠠᠩᠬ᠎ᠠ ᠤᠳᠠᠭ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠦ ᠪᠠᠶᠢᠨ᠎ᠠ᠂ ᠡ᠊ᠨᠳᠡ ᠰᠣᠶᠣᠯ ᠵᠢᠭᠤᠯᠴᠢᠯᠠᠯ ᠤᠨ ᠰᠢᠨ᠎ᠡ ᠶᠢ ᠡᠭᠦᠳᠬᠦ ᠲᠠᠯ᠎ᠠ ᠪᠠᠷ ᠣᠨᠴᠠᠭᠠᠶ ᠰᠠᠶᠢᠨ ᠬᠢᠵᠦ ᠪᠠᠶᠢᠨ᠎ᠠ᠂ ᠣᠷᠣᠨ ᠨᠤᠲᠤᠭ ᠤᠨ ᠣᠨᠴᠠᠯᠢᠭ ᠪᠦᠬᠦᠢ ᠰᠣᠶᠣᠯ ᠪᠣᠯᠤᠨ ᠤᠯᠠᠮᠵᠢᠯᠠᠯᠲᠤ ᠰᠣᠶᠣᠯ ᠢ ᠣᠷᠭᠠᠨᠢᠭ ᠢᠶᠠᠷ ᠤᠶᠠᠯᠳᠤᠭᠤᠯᠤᠭᠰᠠᠨ ᠳᠤ ᠪᠢ ᠶᠡᠬᠡᠳᠡ ᠪᠠᠶᠠᠷᠯᠠᠵᠤ ᠪᠠᠶᠢᠨ᠎ᠠ᠂ ᠪᠢ ᠰᠣᠶᠣᠯ ᠵᠢᠭᠤᠯᠴᠢᠯᠠᠯ ᠪᠣᠯᠤᠨ ᠠᠮᠢ ᠠᠬᠤᠶ ᠶᠢᠨ ᠬᠤᠶᠠᠷ ᠭᠤᠣᠯᠳᠠᠯᠭ᠎ᠠ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠠᠩᠬᠠᠷᠴᠤ ᠪᠠᠶᠢᠨ᠎ᠠ︾ ᠭᠡᠵᠦ ᠠᠷᠠᠳ ᠤᠨ ᠡᠳᠦᠷ ᠤᠨ ᠰᠣᠨᠢᠨ ︵ᠭᠠᠳᠠᠭᠠᠳᠤ ᠳᠤ ᠵᠣᠷᠢᠭᠤᠯᠤᠭᠰᠠᠨ ᠬᠡᠪᠯᠡᠯ︶ ᠤ ᠨᠠᠶᠢᠷᠠᠭᠤᠯᠤᠭᠴᠢ ᠶᠠᠩ ᠵᠢᠶᠦ᠋ᠨ ᠹᠧᠩ ᠬᠡᠯᠡᠪᠡ᠃    ᠰᠤᠷᠪᠤᠯᠵᠢᠯᠠᠭ᠎ᠠ ᠶᠢᠨ ᠪᠦᠯᠬᠦᠮ ᠤᠨ ᠬᠢᠨ ᠲᠤᠰ ᠤᠳᠠᠭᠠᠨ ᠤ ᠲᠥᠪᠯᠡᠷᠡᠩᠭᠦᠶ ᠰᠤᠷᠪᠤᠯᠵᠢᠯᠠᠭ᠎ᠠ ᠪᠠᠷ ᠳᠡᠮᠵᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠣᠯᠵᠤ ᠮᠡᠳᠡᠭᠰᠡᠨ ᠪᠠᠶᠢᠨ᠎ᠠ᠃ ᠬᠡᠳᠦ᠋ᠢᠪᠡᠷ ᠰᠤᠷᠪᠤᠯᠵᠢᠯᠠᠬᠤ ᠴᠠᠭ ᠪᠠᠴᠢᠮ ᠪᠠᠶᠢᠭᠰᠠᠨ ᠴᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠷᠨᠢᠩᠭᠦᠶ ᠬᠥᠭᠵᠢᠯᠲᠡ ᠨᠢ ᠬᠥᠮᠦᠰ ᠲᠤ ᠭᠦᠨ ᠰᠠᠭᠤᠭᠳᠠᠯ ᠥᠭᠴᠡᠶ᠂ ᠲᠠᠳᠠ ᠥᠰᠥᠭ ᠪᠢᠴᠢᠭ᠂ ᠬᠡᠷᠡᠯ ᠵᠢᠷᠤᠭ᠂ ᠸᠢᠳᠢᠣ᠋ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠤᠬᠠᠭᠤᠯᠤᠨ ᠮᠡᠳᠡᠭᠡᠯᠡᠵᠦ᠂ ᠨᠠᠩ ᠣᠯᠠᠨ ᠬᠥᠮᠦᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠣᠶᠢᠯᠠᠭᠠᠭᠤᠯᠬᠤ ᠪᠣᠯᠤᠨ᠎ᠠ ᠭᠡᠵᠦ ᠢᠯᠡᠳᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号