ᠠᠯᠪᠠᠨ ᠵᠢᠷᠤᠮ ᠤᠨ ᠡᠮᠴᠢᠯᠡᠭᠡ ᠪᠠᠷ ᠠᠷᠠᠳ ᠲᠤ ᠠᠰᠢᠭ ᠬᠦᠷᠳᠡᠭᠡᠵᠦ ᠬᠦᠮᠦᠰᠰ ᠤᠨ ᠰᠡᠳᠭᠢᠯ ᠢ ᠲᠤᠯᠠᠭᠠᠴᠠᠭᠤᠯᠵᠤ ᠪᠠᠶᠢᠭ᠎ᠠ ᠡᠮᠦᠨᠡᠳᠦ ᠬᠤᠰᠢᠭᠤ
ᠨᠡᠶᠢᠲᠡᠯᠡᠭᠰᠡᠨ ᠴᠠᠭ᠄
2025/1/6
    ︽  ᠡᠨᠡ ᠬᠤᠶᠠᠷ ᠡᠳᠦᠷ ᠮᠢᠨᠦ ᠲᠣᠯᠣᠭᠠᠶ ᠡᠪᠡᠳᠴᠦ ᠶᠠᠭ ᠡᠮᠨᠡᠯᠭᠡ ᠳᠤ ᠣᠴᠢᠬᠤ ᠪᠠᠷ ᠲᠥᠯᠥᠪᠯᠡᠵᠦ ᠪᠠᠶᠢᠭᠰᠠᠨ ᠶᠤᠮ᠂ ᠥᠨᠥᠳᠦᠷ ᠭᠡᠷ ᠤᠨ ᠡᠭᠦᠳᠡᠨ ᠳᠤ ᠡᠪᠡᠳᠴᠢᠨ ᠢᠶᠠᠨ ᠦᠵᠡᠭᠦᠯᠴᠢᠬᠡᠯ᠎ᠡ᠂ ᠦᠨᠡᠬᠡᠷ ᠰᠠᠶᠢᠨ ᠪᠣᠯᠤᠯ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠳᠠᠷ ᠰᠤᠮᠤ ᠶᠢᠨ ᠱᠤᠸᠠᠩ ᠹᠠ ᠲᠣᠰᠬᠤᠨ ᠤ ᠠᠷᠠᠳ ᠸᠠᠩ ᠢᠦᠢ ᠵᠦᠩ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠶᠠᠷᠲᠠᠢ ᠪᠠᠷ ᠬᠡᠯᠡᠪᠡ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 1 ᠰᠠᠷ᠎ᠠ ᠶᠢᠨ 3 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠪᠦᠯᠬᠦᠮ ᠤᠨ 19 ᠬᠥᠮᠦᠨ ᠠᠯᠳᠠᠷ ᠰᠤᠮᠤ ᠶᠢᠨ ᠱᠤᠸᠠᠩ ᠹᠠ ᠲᠣᠰᠬᠤᠨ  ᠢᠶᠠᠷ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠡᠷᠡᠭᠦᠯ ᠮᠡᠨᠳᠦ ᠪᠣᠯᠤᠨ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠬᠡᠷ ᠤᠨ ᠡᠭᠦᠳᠡᠨ ᠳᠤ ᠬᠦᠷᠭᠡᠭᠰᠡᠨ ᠪᠠᠶᠢᠨ᠎ᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠰᠠᠭᠤᠨ ᠯᠠᠪᠯᠠᠬᠤ ᠪᠠᠷ ᠢᠷᠡᠭᠰᠡᠨ ᠲᠣᠰᠬᠤᠨ ᠤ ᠠᠷᠠᠳ ᠲᠠᠰᠤᠷᠠᠯᠳᠡ ᠦᠭᠡᠢ ᠴᠤᠪᠤᠷᠠᠵᠤ᠂ ᠡᠮᠬᠢ ᠵᠢᠷᠤᠮ ᠲᠠᠢ ᠪᠠᠷ ᠮᠥᠷᠯᠡᠨ ᠡᠮᠨᠡᠭᠦᠯᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠩ ᠤᠨ ᠭᠠᠳᠠᠷ ᠰᠠᠯᠠᠭ᠎ᠠ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠰᠠᠯᠠᠭ᠎ᠠ᠂ ᠨᠢᠳᠦᠨ ᠤ ᠰᠠᠯᠠᠭ᠎ᠠ ᠵᠡᠷᠭᠡ ᠰᠠᠯᠠᠭ᠎ᠠ ᠲᠠᠰᠤᠭ ᠤᠨ ᠲᠤᠰᠬᠠᠶ ᠮᠡᠷᠭᠡᠵᠢᠯᠲᠡᠨ ᠡᠮᠨᠡᠭᠦᠯᠬᠦ ᠪᠠᠷ ᠢᠷᠡᠭᠰᠡᠨ ᠲᠣᠰᠬᠤᠨ ᠤ ᠠᠷᠠᠳ ᠨᠢᠭᠡᠪᠦᠷᠢ ᠳᠤ ᠪᠡᠶ᠎ᠡ ᠶᠢᠨ ᠪᠠᠶᠢᠴᠠᠭᠠᠯᠲᠠ ᠬᠢᠵᠦ᠂ ᠨᠠᠰᠤᠲᠠᠶᠢᠴᠤᠳ ᠤᠨ ᠪᠡᠶ᠎ᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠷᠠᠳ ᠤᠯᠠᠨ ᠤ ᠠᠰᠠᠭᠤᠯᠳᠠ ᠶᠢ ᠬᠠᠯᠠᠰᠢᠷᠠᠯ ᠥᠬᠡᠶ ᠬᠠᠷᠢᠭᠤᠯᠬᠤ ᠶᠢᠨ ᠬᠠᠮᠲᠤ ᠬᠥᠮᠦᠨ ᠨᠢᠭᠡᠪᠦᠷᠢ ᠶᠢᠨ ᠪᠣᠳᠠᠲᠠᠶ ᠪᠠᠶᠢᠳᠠᠯ ᠢ ᠦᠨᠳᠦᠰᠦᠯᠡᠨ ᠲᠤᠰᠬᠠᠶ ᠮᠡᠷᠭᠡᠵᠢᠯ ᠤᠨ ᠰᠠᠨᠠᠭᠤᠯᠭ᠎ᠠ ᠪᠠ ᠡᠷᠡᠭᠦᠯ ᠮᠡᠨᠳᠦ ᠶᠢᠨ ᠵᠢᠯᠣᠭᠤᠳᠣᠯᠭ᠎ᠠ  ᠦᠭᠭᠦᠭᠰᠡᠨ ᠪᠠᠶᠢᠨ᠎ᠠ᠃    ᠳᠠᠷᠠᠭ᠎ᠠ ᠨᠢ᠂ ᠲᠣᠰᠬᠤᠨ ᠤ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠴᠢᠭᠯᠡᠭᠦᠯᠵᠦ᠂ ᠲᠤᠰᠬᠠᠢ ᠮᠡᠷᠭᠡᠵᠢᠯᠲᠡᠨ ᠤ ᠪᠦᠯᠬᠦᠮ ᠤᠨ ᠬᠢᠨ ᠪᠠᠰᠠ ᠡᠷᠦᠭᠡ ᠪᠠᠷ ᠬᠦᠷᠴᠦ ᠡᠮᠴᠢᠯᠡᠬᠦ ᠦᠢᠯᠡᠴᠢᠯᠡᠭᠡ ᠥᠷᠨᠢᠭᠦᠯᠵᠦ᠂ ᠨᠠᠰᠤᠲᠠᠶᠢᠴᠤᠳ ᠤᠨ ︽ᠭᠡᠷ ᠠᠴᠠ ᠭᠠᠷᠬᠤ ᠳᠤ ᠬᠦᠴᠢᠷᠲᠡᠢ︾᠂ ︽ᠡᠪᠡᠳᠴᠢᠨ ᠦᠵᠡᠭᠦᠯᠬᠦ ᠳᠤ ᠬᠦᠴᠢᠷᠲᠡᠢ︾ ᠵᠡᠷᠭᠡ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠠᠵᠢᠯᠯᠠᠭ᠎ᠠ ᠪᠠᠷ ᠢᠶᠠᠨ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠯᠠᠮᠵᠢᠯᠠᠪᠠ᠃     ︽ᠪᠢᠳᠡ ᠲᠤᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠨᠢ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠶᠢ ᠨᠤᠲᠤᠭ ᠤᠨ ᠠᠬ᠎ᠠ ᠳᠡᠭᠦᠦ ᠨᠡᠷ ᠤᠨ ᠭᠡᠷ ᠤᠨ ᠡᠭᠦᠳᠡᠨ ᠳᠤ ᠬᠦᠷᠭᠡᠵᠦ᠂ ᠨᠤᠲᠤᠭ ᠤᠨ ᠠᠬ᠎ᠠ ᠳᠡᠭᠦᠦ ᠨᠡᠷ ᠤᠨ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠥᠪᠡᠷ ᠢ ᠪᠠᠨ ᠡᠷᠡᠭᠦᠯᠵᠢᠭᠦᠯᠬᠦ ᠪᠠ ᠡᠪᠡᠳᠴᠢᠨ ᠡᠮᠭᠡᠭ ᠤᠨ ᠬᠠᠮᠢᠶᠠᠷᠤᠯᠲᠠ ᠶᠢ ᠰᠠᠶᠢᠲᠤᠷ ᠬᠢᠬᠦ ᠶᠢ ᠠᠬᠢᠭᠤᠯᠵᠤ᠂ ᠣᠯᠠᠨ ᠤ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ ᠶᠤᠮ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠵᠧᠩ ᠴᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号