ᠬᠤᠩ ᠰᠢᠨ ᠲᠣᠰᠬᠤᠨ ᠳᠤ ᠰᠠᠭᠤᠭ᠎ᠠ ᠺᠠᠳ᠋ᠷ — ᠷᠧᠨ ᠴᠢᠩ
ᠨᠡᠶᠢᠲᠡᠯᠡᠭᠰᠡᠨ ᠴᠠᠭ᠄
2025/1/9
    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠨᠠᠮ ᠤᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠢᠶᠠᠷ ᠬᠦᠷᠬᠦ ᠳᠤ᠂ ᠬᠠᠨᠠᠨ ᠳᠡᠭᠡᠷᠡᠬᠢ ᠲᠤᠮᠤ ᠳᠡᠯᠭᠡᠴᠡ ᠶᠢᠨ ᠲᠣᠭᠠᠴᠢᠯᠠᠭᠰᠠᠨ ᠲᠠᠪᠴᠠᠩ ᠬᠥᠮᠦᠰ ᠤᠨ ᠠᠩᠬᠠᠷᠤᠯ ᠢ ᠣᠨᠴᠠ ᠲᠠᠲᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠦᠨᠳᠦᠰᠦᠨ ᠱᠠᠲᠤᠨ ᠤ ᠵᠠᠰᠠᠯᠲᠠ ᠵᠡᠷᠭᠡ ᠲᠣᠪᠶᠤᠭ ᠢ ᠲᠡᠷᠢ ᠲᠡᠭᠰᠢ ᠵᠢᠭᠰᠠᠭᠠᠨ ᠲᠠᠯᠪᠢᠵᠤ ᠪᠠᠶᠢᠯ᠎ᠠ᠃    2022 ᠣᠨ ᠤ 12 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠤᠪᠴᠢᠶ᠎ᠠ ᠶᠢᠨ ᠺᠠᠳ᠋ᠷ ᠷᠧᠨ ᠴᠢᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠳᠤ ᠢᠷᠡᠵᠦ᠂ ᠲᠣᠰᠬᠤᠨ ᠳᠤ ᠰᠠᠭᠤᠬᠤ ᠠᠶᠠᠯᠠᠯ ᠢᠶᠠᠨ ᠡᠬᠢᠯᠡᠭᠦᠯᠵᠡᠢ᠃    ᠲᠣᠰᠬᠤᠨ ᠳᠤ ᠢᠷᠡᠮᠡᠭᠴᠡ ᠷᠧᠨ ᠴᠢᠩ ᠠᠵᠢᠯ ᠲᠦᠷᠦᠯ ᠤᠨ ᠳᠠᠪᠠᠭᠤᠯᠢᠭ ᠢᠶᠠᠨ ᠠᠰᠢᠭᠯᠠᠵᠤ᠂ ᠬᠤᠩ ᠰᠢᠨ ᠲᠣᠰᠬᠤᠨ ᠳᠤ ᠲᠣᠭᠠᠴᠢᠯᠠᠭᠰᠠᠨ ᠲᠠᠪᠴᠠᠩ ᠢ ᠪᠠᠶᠢᠭᠤᠯᠵᠤ᠂ ᠲᠣᠭᠠᠴᠢᠯᠠᠭᠰᠠᠨ ᠮᠡᠷᠭᠡᠵᠢᠯ ᠢᠶᠠᠷ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠵᠡᠷᠭᠡ ᠶᠢ ᠣᠷᠭᠠᠨᠢᠭ ᠢᠶᠠᠷ ᠬᠤᠯᠪᠣᠯᠳᠤᠭᠤᠯᠵᠤ᠂ ᠲᠣᠰᠬᠤᠨ ᠤ ︽ᠬᠤᠶᠠᠷ ᠵᠥᠪᠯᠡᠯ︾ ᠤᠨ ᠠᠵᠢᠯ ᠢ ᠥᠨᠳᠥᠷ ᠪᠦᠲᠦᠮᠵᠢᠲᠡᠢ ᠥᠷᠨᠢᠭᠦᠯᠬᠦ ᠶᠢ ᠠᠬᠢᠭᠤᠯᠤᠨ᠂ ᠲᠣᠰᠬᠤᠨ ᠤ ᠠᠷᠠᠳ ᠤᠨ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠵᠡᠢ᠃ ᠡᠭᠦᠨ ᠤ ᠬᠠᠮᠲᠤ᠂ ᠥᠪᠥᠷ ᠮᠣᠩᠭᠤᠯ ᠤᠨ ᠬᠤᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢ ᠳᠠᠩᠰᠠᠯᠠᠭᠤᠯᠬᠤ ᠪᠠᠷ ᠳᠠᠮᠵᠢᠭᠤᠯᠤᠨ᠂ ᠵᠥᠭᠡᠯᠡᠨ ᠬᠡᠷᠡᠭᠰᠡᠯ ᠢ ᠨᠡᠭᠡᠭᠡᠨ ᠬᠥᠭᠵᠢᠭᠦᠯᠬᠦ᠂ ᠮᠡᠷᠭᠡᠵᠢᠯ ᠤᠨ ᠦᠢᠯᠡᠴᠢᠯᠡᠭᠡ᠂ ᠲᠤᠭ᠎ᠠ ᠪᠠᠷᠢᠮᠲᠠ ᠶᠢ ᠰᠢᠢᠳᠪᠤᠷᠢᠯᠡᠬᠦ ᠦᠢᠯᠡᠴᠢᠯᠡᠭᠡ ᠵᠡᠷᠭᠡ ᠠᠷᠭ᠎ᠠ ᠮᠠᠶ᠋ᠢᠭ ᠢᠶᠠᠷ ᠲᠤᠬᠠᠶᠢᠯᠠᠭᠰᠠᠨ ᠠᠵᠢᠯ ᠢᠶᠠᠨ ᠥᠷᠭᠡᠳᠬᠡᠵᠦ᠂ ᠲᠣᠰᠬᠤᠨ ᠤ ᠬᠠᠮᠲᠤ ᠳᠤ 4 ᠲᠦᠮᠡᠨ ᠲᠥᠭᠦᠷᠢᠭ ᠤᠨ ᠣᠷᠣᠯᠭ᠎ᠠ ᠡᠭᠦᠳᠦᠨ ᠥᠭᠴᠡᠶ᠃    ᠬᠤᠩ ᠰᠢᠨ ᠲᠣᠰᠬᠤᠨ ᠤ ᠨᠠᠮ ᠤᠨ ᠡᠭᠦᠷ ᠤᠨ ᠱᠦᠵᠢ ᠯᠢ ᠶᠢᠩ ᠬᠤᠢ ᠶᠢᠨ ᠲᠠᠨᠢᠯᠴᠠᠭᠤᠯᠤᠭᠰᠠᠨ ᠢᠶᠠᠷ᠂ ᠷᠧᠨ ᠴᠢᠩ᠂ ᠬᠤᠩ ᠰᠢᠨ ᠲᠣᠰᠬᠤᠨ ᠳᠤ ᠢᠷᠡᠭᠰᠡᠨ ᠤ ᠳᠠᠷᠠᠭ᠎ᠠ᠂ ᠲᠣᠰᠬᠤᠨ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠭᠠᠪᠠ᠃ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ 98 ᠲᠦᠮᠡᠨ ᠲᠥᠭᠦᠷᠢᠭ ᠭᠤᠶᠤᠴᠢᠯᠠᠵᠤ᠂ ᠲᠣᠰᠬᠤᠨ ᠳᠤ ᠨᠠᠮ ᠤᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠤᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠲᠦᠬᠦᠮ ᠦᠵᠡᠭᠦᠯᠪᠡ᠃ ᠲᠣᠭᠠᠴᠢᠯᠠᠭᠰᠠᠨ ᠲᠠᠪᠴᠠᠩ ᠢ ᠪᠠᠶᠢᠭᠤᠯᠤᠭᠰᠠᠨ ᠠᠴᠠ ᠨᠠᠰᠢ ᠠᠷᠠᠳ ᠤᠯᠠᠨ ᠳᠤ 700 ᠭᠠᠷᠤᠢ ᠶᠡᠭᠡ ᠪᠠᠭ᠎ᠠ ᠶᠠᠪᠤᠳᠠᠯ ᠢ ᠰᠢᠢᠳᠪᠤᠷᠢᠯᠡᠵᠦ ᠥᠭᠴᠡᠢ᠃ ᠬᠤᠩ ᠰᠢᠨ ᠲᠣᠰᠬᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠤᠰᠤᠨ ᠠᠰᠢᠭᠯᠠᠯᠲᠠ ᠲᠠᠷᠢᠶᠠᠨ ᠭᠠᠵᠠᠷ ᠤᠨ ᠥᠭᠡᠷᠡᠴᠢᠯᠡᠯᠲᠡ᠂ ᠲᠠᠷᠢᠶᠠᠯᠠᠩ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠴᠤ ᠮᠠᠰᠢ ᠶᠡᠭᠡ ᠬᠤᠪᠢᠷᠠᠯᠲᠠ ᠲᠠᠢ ᠪᠣᠯᠵᠠᠢ᠃    ︽ᠮᠢᠨᠦ ᠡᠬᠡᠨᠡᠷ ᠴᠢᠰᠤ ᠴᠠᠶᠢᠬᠤ ᠡᠪᠡᠳᠴᠢᠨ ᠳᠤ ᠨᠡᠷᠪᠡᠭᠳᠡᠭᠰᠡᠨ ᠤ ᠳᠠᠷᠠᠭ᠎ᠠ᠂ ᠷᠧᠨ ᠱᠦᠵᠢ ᠮᠠᠨ ᠤ ᠭᠡᠷ ᠲᠤ ᠬᠡᠳᠦ ᠤᠳᠠᠭ᠎ᠠ ᠢᠷᠡᠵᠦ᠂ ᠪᠢᠳᠡᠨ ᠢ ᠬᠠᠪᠰᠤᠷᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠣᠯᠤᠨ ᠲᠦᠷ ᠴᠠᠭ ᠤᠨ ᠠᠪᠤᠷᠠᠨ ᠲᠤᠰᠠᠯᠠᠯᠲᠠ ᠶᠢ ᠵᠣᠬᠢᠴᠠᠭᠤᠯᠵᠤ ᠥᠭᠭᠦᠭᠰᠡᠨ ᠪᠦᠭᠡᠳ ᠪᠢᠳᠡᠨ ᠢ ᠬᠠᠪᠰᠤᠷᠤᠨ ᠬᠦᠴᠢᠷ ᠠᠰᠠᠭᠤᠳᠠᠯ ᠢ ᠰᠢᠢᠳᠪᠤᠷᠢᠯᠡᠵᠦ ᠥᠭᠴᠡᠶ︾ ᠭᠡᠵᠦ ᠬᠤᠩ ᠰᠢᠨ ᠲᠣᠰᠬᠤᠨ ᠤ ᠠᠷᠠᠳ ᠸᠠᠩ ᠵᠢᠶᠠ ᠵᠢᠶᠧ ᠰᠡᠳᠬᠢᠯ ᠳᠣᠭᠳᠣᠯᠤᠨ ᠬᠡᠯᠡᠪᠡ᠃ ᠸᠠᠩ ᠵᠢᠶᠠ ᠵᠢᠶᠧ ᠪᠣᠯ ᠬᠤᠩ ᠰᠢᠨ ᠲᠣᠰᠬᠤᠨ ᠤ ᠬᠢᠨᠠᠨ ᠰᠢᠯᠭᠠᠬᠤ ᠡᠷᠦᠬᠡ ᠪᠣᠯᠤᠨ᠎ᠠ᠂ ᠲᠡᠭᠦᠨ ᠤ ᠭᠡᠷᠭᠡᠢ ᠶᠢᠨ ᠡᠮᠴᠢᠯᠡᠭᠡᠨ ᠤ ᠵᠠᠷᠤᠳᠠᠯ ᠨᠢ ᠡᠨᠡ ᠭᠡᠷ ᠤᠨ ᠬᠢᠨ ᠢ ᠭᠠᠷ ᠮᠡᠬᠦᠰ ᠭᠠᠨᠵᠤᠭ᠎ᠠ ᠲᠠᠲᠠᠭᠤ ᠪᠣᠯᠭᠠᠵᠠᠢ᠃ ᠷᠧᠨ ᠴᠢᠩ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠤᠯᠠᠨ ᠲᠠᠯ᠎ᠠ ᠶᠢᠨ ᠬᠢᠨ ᠢ ᠵᠣᠬᠢᠴᠠᠭᠤᠯᠵᠤ᠂ ᠡᠯ᠎ᠡ ᠲᠦᠷᠦᠯ ᠤᠨ ᠲᠤᠰᠠᠯᠠᠮᠵᠢ ᠶᠢᠨ ᠮᠥᠩᠭᠦ ᠪᠠᠷ ᠪᠠᠴᠢᠮ ᠲᠤᠯᠭᠠᠮ᠎ᠠ ᠠᠰᠠᠭᠤᠳᠠᠯ ᠢ ᠨᠢ ᠰᠢᠢᠳᠪᠦᠷᠢᠯᠡᠵᠦ᠂ ᠲᠡᠳᠡᠨ ᠤ ᠬᠤᠶᠢᠰᠢᠳᠠ ᠶᠢᠨ ᠠᠮᠢᠳᠤᠷᠠᠯ ᠢ ᠨᠢ ᠪᠠᠲᠤᠯᠠᠭ᠎ᠠ ᠲᠠᠢ ᠪᠣᠯᠭᠠᠵᠠᠢ᠃    ᠲᠣᠰᠬᠤᠨ ᠳᠤ ᠰᠠᠭᠤᠬᠤ ᠠᠵᠢᠯ ᠳᠤᠮᠳᠠ᠂ ᠷᠧᠨ ᠴᠢᠩ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠤᠯᠠᠨ ᠲᠦᠮᠡᠨ ᠢ ᠢᠳᠡᠪᠬᠢᠲᠡᠢ ᠪᠠᠷ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠡᠯ᠎ᠡ ᠵᠦᠢᠯ ᠤᠨ ᠬᠦᠴᠢᠷᠳᠡᠯ ᠢ ᠨᠢ ᠰᠢᠢᠳᠪᠦᠷᠢᠯᠡᠵᠦ᠂ ᠲᠡᠭᠦᠨ ᠤ ᠬᠢᠭᠰᠡᠨ ᠪᠣᠳᠠᠲᠤ ᠶᠠᠪᠤᠳᠠᠯ ᠤᠳ  ᠨᠢ ᠤᠯᠠᠨ ᠲᠦᠮᠡᠨ ᠤ ᠰᠡᠳᠬᠢᠯ ᠳᠤ ᠭᠦᠨ ᠬᠠᠳᠠᠩᠰᠢᠵᠠᠢ᠃ ᠬᠤᠶᠠᠷ ᠵᠢᠯ ᠤᠨ ᠲᠤᠷᠰᠢ᠂ ᠲᠡᠷᠡ ᠲᠣᠰᠬᠤᠨ ᠳᠤ ᠰᠠᠭᠤᠬᠤ ᠠᠵᠢᠯᠯᠠᠬᠤ ᠠᠩᠭᠢ ᠲᠠᠢ ᠬᠠᠮᠲᠤ ᠪᠠᠷ ᠡᠷᠦᠬᠡ ᠪᠦᠷᠢ ᠶᠢᠨ ᠶᠠᠳᠠᠭᠤᠷᠠᠬᠤ ᠲᠦᠭᠰᠢᠭᠦᠷᠢ ᠶᠢ ᠦᠨᠳᠦᠰᠦᠯᠡᠨ ᠬᠠᠪᠰᠤᠷᠤᠨ ᠲᠡᠳᠬᠦᠬᠦ ᠲᠥᠯᠥᠪᠯᠡᠭᠡ ᠲᠣᠭᠲᠠᠭᠠᠵᠤ᠂ ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠬᠥᠳᠡᠯᠮᠦᠷᠢᠯᠡᠬᠦ ᠴᠢᠳᠠᠪᠤᠷᠢ ᠲᠠᠢ 4 ᠡᠷᠦᠬᠡ ᠶᠢ ᠲᠣᠰᠬᠤᠨ ᠤ ᠲᠠᠰ ᠤᠨ ᠴᠡᠪᠡᠷᠯᠡᠭᠴᠢ ᠪᠠᠷ ᠤᠷᠢᠨ ᠬᠡᠷᠡᠭᠯᠡᠵᠦ᠂ ᠨᠥᠬᠦᠴᠡᠯ ᠳᠤ ᠨᠡᠶᠢᠴᠡᠬᠦ 2 ᠡᠷᠦᠬᠡ ᠶᠢ ᠬᠠᠪᠰᠤᠷᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠤᠶᠤᠴᠢᠯᠠᠯ ᠭᠠᠷᠭᠠᠵᠤ᠂ ᠬᠢᠨᠠᠨ ᠰᠢᠯᠭᠠᠬᠤ 4 ᠡᠷᠦᠬᠡ ᠶᠢ ᠬᠠᠪᠰᠤᠷᠤᠨ 2.1 ᠲᠦᠮᠡᠨ ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠯᠲᠠ ᠭᠤᠶᠤᠴᠢᠯᠠᠭᠰᠠᠨ ᠪᠠᠶᠢᠨ᠎ᠠ᠃    ᠬᠥᠳᠡᠭᠡ ᠲᠣᠰᠬᠤᠨ ᠢ ᠬᠥᠭᠵᠢᠭᠦᠯᠬᠦ ᠳᠤ ᠠᠵᠤ ᠦᠢᠯᠡᠰ ᠢ ᠬᠥᠭᠵᠢᠭᠦᠯᠬᠦ ᠪᠣᠯ ᠵᠠᠩᠭᠢᠯᠠᠭ᠎ᠠ ᠪᠣᠯᠤᠨ᠎ᠠ᠃ ᠬᠤᠩ ᠰᠢᠨ ᠲᠣᠰᠬᠤᠨ ᠤ ᠭᠠᠵᠠᠷ ᠵᠦᠢ ᠶᠢᠨ ᠪᠠᠶᠢᠷᠢᠯᠠᠯ ᠪᠣᠯᠤᠨ ᠤᠨᠴᠠᠯᠢᠬᠳᠤ ᠡᠬᠢ ᠪᠠᠶᠠᠯᠢᠭ ᠤᠨ ᠳᠠᠪᠠᠭᠤᠯᠢᠭ ᠢ ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ ᠬᠦᠴᠦᠲᠦ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢᠨ ᠲᠥᠯᠥᠭᠡ᠂ ᠷᠧᠨ ᠴᠢᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠲᠦᠷᠦᠯ ᠵᠦᠢᠯ ᠢ ᠴᠢᠷᠮᠠᠶᠢᠨ ᠣᠯᠵᠤ᠂ ᠭᠡᠷᠡᠯᠴᠢ ᠴᠡᠨᠡᠭ᠂ ᠲᠦᠬᠦᠭᠡᠷᠦᠮᠵᠢᠳᠤ ᠲᠠᠷᠢᠶᠠᠯᠠᠩ᠂ ᠬᠦᠷᠢᠶ᠎ᠡ ᠬᠠᠰᠢᠶᠠᠨ ᠤ ᠠᠵᠤ ᠠᠬᠤᠢ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠲᠡᠳᠬᠦᠵᠦ᠂ ᠤᠯᠠᠨ ᠲᠦᠮᠡᠨ ᠢ ᠬᠦᠳᠦᠯᠥᠨ ᠳᠠᠭᠠᠭᠤᠯᠤᠨ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠰᠢ ᠲᠠᠰᠤᠷᠠᠯᠳᠡ ᠦᠭᠡᠢ ᠤᠷᠤᠭᠰᠢᠯᠠᠭᠤᠯᠵᠠᠢ᠃    ︽ᠪᠢᠳᠠ ᠬᠤᠩ ᠰᠢᠨ ᠲᠣᠰᠬᠤᠨ ᠳᠤ ᠲᠠᠪᠤᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠬᠢᠵᠡᠢ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠤᠷᠢᠳᠠᠪᠠᠷ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠳᠠᠷᠠᠭ᠎ᠠ ᠳᠤᠨᠢ ᠲᠣᠰᠬᠤᠨ ᠤ ᠠᠷᠠᠳ ᠢ ᠳᠠᠶᠢᠴᠢᠯᠠᠵᠤ᠂ ᠪᠦᠬᠦ ᠲᠣᠰᠬᠤᠨ ᠤ ᠠᠷᠠᠳ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠵᠤ᠂ ᠬᠤᠩ ᠰᠢᠨ ᠲᠣᠰᠬᠤᠨ ᠤ ᠬᠥᠭᠵᠢᠯᠲᠡ ᠶᠢ ᠰᠢᠨ᠎ᠡ ᠦᠨᠳᠦᠷᠴᠡ ᠳᠤ ᠬᠦᠷᠭᠡᠨ᠎ᠠ︾ ᠭᠡᠵᠦ ᠷᠧᠨ ᠴᠢᠩ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号