| ᠡᠮᠤᠨᠡᠬᠡᠨ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠡᠷᠬᠢᠳᠤ ᠵᠠᠬ᠎ᠠ ᠲᠡᠯᠭᠡᠬᠦᠷ ᠤᠨ ᠬᠢᠨᠠᠯᠳᠠ | ᠬᠠᠮᠢᠶᠠᠷᠤᠯᠳᠠ ᠶᠢᠨ ᠰᠠᠯᠪᠤᠷᠢ ᠠᠴᠠ ᠪᠠᠶᠠᠷ ᠤᠨ ᠴᠢᠮᠡᠭᠡ ᠤᠯᠠᠮᠵᠢᠯᠠᠭᠳᠠᠪᠠ᠃ 2024 ᠤᠨ ᠳᠤ᠂ ᠲᠤᠰ ᠵᠠᠬ᠎ᠠ | ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠪᠤᠷᠢ ᠲᠤᠯᠤᠳᠤᠭᠠᠷ ᠬᠤᠭᠤᠴᠠᠭᠠᠨ ᠤ ᠦᠪᠠᠷᠳᠡᠭᠡᠨ ᠵᠠᠰᠠᠬᠤ | ᠤᠷᠤᠨ ᠤ ︽ᠠᠷᠠᠳ ᠲᠤ ᠬᠠᠨᠤᠮᠵᠢᠳᠠᠢ ᠠᠯᠪᠠᠳᠠᠨ ᠤ ᠬᠠᠮᠳᠤ ᠨᠡᠢᠳᠠ︾ ᠶᠢᠨ ᠢᠷᠠᠭᠤ ᠠᠯᠳᠠᠷ ᠢ ᠬᠦᠷᠳᠡᠭᠰᠡᠨ | ᠪᠠᠶᠢᠨ᠎ᠠ᠃ | ᠣᠶᠢᠷ᠎ᠠ ᠶᠢᠨ ᠡᠳᠤᠷ᠂ ᠡᠷᠬᠢᠳᠤ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠪᠤᠷᠢ ᠶᠢᠨ ᠶᠤᠸᠠᠢ | ᠶᠢᠨ ᠠᠳᠤᠭᠤᠨ ᠲᠠᠯᠠᠪᠠᠢ ᠶᠢᠨ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠬᠠᠷᠢᠯᠴᠠᠬᠤ ᠦᠷᠳᠡᠭᠡ ᠶᠢᠨ | ᠺᠠᠳ᠋ᠷ ᠠᠵᠢᠯᠳᠠᠨ ᠠᠴᠠ ᠬᠤᠳᠠᠯᠳᠤᠭᠠᠨ ᠤ ᠡᠷᠤᠬᠡ ᠶᠠᠩ ᠵᠢᠩ ᠳᠤ ᠡᠵᠡᠩᠨᠡᠯᠳᠠ ᠶᠢᠨ ᠦᠨᠡᠮᠯᠡᠯ ᠢ ᠬᠦᠷᠭᠡᠨ | ᠠᠪᠴᠢᠷᠠᠵᠤ ᠦᠭᠬᠦᠯ᠎ᠠ᠃ ︽ᠠᠷᠠᠳ ᠲᠤ ᠠᠰᠢᠭ ᠬᠦᠷᠳᠡᠭᠡᠬᠦ ᠦᠢᠯᠡᠴᠢᠯᠡᠭᠡᠨ ᠤ ᠦᠷᠳᠡᠭᠡ ᠪᠠᠶᠢᠭᠤᠯᠤᠭᠰᠠᠨ ᠤ | ᠲᠠᠷᠠᠭ᠎ᠠ᠂ ᠪᠢᠳᠠ ᠮᠠᠲ᠋ᠧᠷᠢᠶᠠᠯ ᠢᠶᠠᠨ ᠦᠷᠳᠡᠭᠡᠨ ᠳᠤ ᠲᠤᠰᠢᠶᠠᠪᠠᠯ ᠠᠵᠢᠯᠳᠠᠨ ᠠᠴᠠ ᠬᠦᠢᠴᠡᠳᠭᠡᠵᠤ ᠪᠠᠷᠠᠭᠰᠨ ᠤ | ᠲᠠᠷᠠᠭ᠎ᠠ ᠪᠢᠳᠠᠨ ᠳᠤ ᠠᠪᠴᠢᠷᠠᠵᠤ ᠦᠭᠬᠦᠨ᠎ᠠ︾ ᠭᠡᠵᠤ ᠶᠠᠩ ᠵᠢᠩ ᠶᠠᠷᠢᠨ᠎ᠠ᠃ | ᠶᠤᠸᠠᠢ ᠶᠢᠨ ᠠᠳᠤᠭᠤᠨ ᠲᠠᠯᠠᠪᠠᠢ ᠶᠢᠨ ᠠᠷᠠᠳ ᠲᠤ ᠲᠦᠬᠦᠮ ᠦᠵᠡᠬᠦᠯᠬᠦ ᠬᠠᠷᠢᠯᠴᠠᠬᠤ ᠦᠷᠳᠡᠭᠡ ᠶᠢ | ᠪᠠᠶᠢᠭᠤᠯᠤᠭᠰᠠᠨ ᠨᠢ ᠡᠷᠬᠢᠳᠤ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠪᠤᠷᠢ ᠤᠷᠤᠨ ᠲᠤᠭᠤᠷᠢᠭ ᠤᠨ | ᠬᠢᠨᠠᠯᠳᠠ ᠬᠠᠮᠢᠶᠠᠷᠤᠯᠳᠠ ᠶᠢᠨ ᠬᠡᠪᠴᠢᠶ᠎ᠠ ᠦᠷᠭᠡᠨ᠂ ᠭᠤᠤᠯ ᠴᠤᠭᠴᠠ ᠲᠠᠷᠠᠬᠠᠢ ᠤᠷᠤᠰᠢᠵᠤ ᠪᠠᠶᠢᠬᠤ ᠤᠨᠴᠠᠯᠢᠭ ᠲᠤ | ᠬᠠᠨᠳᠤᠭᠤᠯᠤᠨ᠂ ᠠᠷᠠᠳ ᠲᠤ ᠲᠦᠬᠦᠮ ᠦᠵᠡᠬᠦᠯᠬᠦ ᠪᠠᠷ ᠰᠢᠨ᠎ᠠ ᠪᠠᠷ ᠭᠠᠷᠭᠠᠭᠰᠠᠨ ᠠᠷᠭ᠎ᠠ ᠠᠪᠴᠠᠯ ᠪᠤᠯᠤᠨ᠎ᠠ᠃ | ᠲᠤᠰ ᠦᠷᠳᠡᠭᠡ ᠤᠳᠤᠬᠠᠨ ᠪᠤᠯᠳᠠᠯ᠎ᠠ ᠤᠷᠤᠨ ᠲᠤᠭᠤᠷᠢᠭ ᠤᠨ 500 ᠭᠠᠷᠤᠢ ᠬᠤᠳᠠᠯᠳᠤᠭᠠᠴᠢᠨ ᠡᠷᠤᠬᠡ ᠶᠢ | ᠬᠠᠪᠰᠤᠷᠤᠨ ᠵᠢᠯ ᠤᠨ ᠮᠡᠳᠡᠬᠦᠯᠤᠯᠳᠠ ᠶᠢ ᠲᠠᠭᠤᠰᠬᠠᠬᠤ ᠶᠢᠨ ᠬᠠᠮᠳᠤ 97 ᠬᠤᠳᠠᠯᠳᠤᠭᠠᠴᠢᠨ ᠡᠷᠤᠬᠡ ᠶᠢᠨ ᠪᠤᠳᠠᠳᠠᠢ | ᠠᠰᠠᠭᠤᠳᠠᠯ ᠢ ᠨᠢ ᠰᠢᠢᠳᠪᠤᠷᠢᠯᠡᠵᠤ ᠦᠭᠬᠦᠭᠰᠡᠨ ᠪᠠᠶᠢᠨ᠎ᠠ᠃ | ᠡᠬᠦᠨ ᠠᠴᠠ ᠭᠠᠳᠠᠨ᠎ᠠ ᠡᠷᠬᠢᠳᠤ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠪᠤᠷᠢ ᠢᠳᠡᠭᠡᠨ | ᠤᠮᠳᠠᠭᠠᠨ ᠤ ᠠᠮᠤᠷ ᠲᠦᠪᠰᠢᠨ ᠢ ᠪᠠᠳᠤᠯᠠᠬᠤ ᠬᠢᠨᠠᠨ ᠬᠡᠮᠵᠢᠬᠦ ᠦᠷᠳᠡᠭᠡ ᠪᠠᠶᠢᠭᠤᠯᠤᠨ᠂ ᠬᠤᠳᠠᠯᠳᠤᠭᠠᠴᠢᠨ ᠡᠷᠤᠬᠡ | ᠶᠢᠨ ᠢᠳᠡᠭᠡᠨ ᠤᠮᠳᠠᠭᠠᠨ ᠤ ᠶᠠᠰᠤ ᠴᠢᠨᠠᠷ ᠢ ᠪᠠᠳᠤᠯᠠᠬᠤ ᠶᠢ ᠠᠬᠢᠭᠤᠯᠪᠠ᠃ ︽ᠢᠳᠡᠭᠡᠨ ᠤᠮᠳᠠᠭᠠᠨ ᠢ ᠲᠦᠷᠭᠡᠨ | ᠢᠶᠠᠷ ᠬᠢᠨᠠᠨ ᠬᠡᠮᠵᠢᠬᠦ ᠦᠷᠳᠡᠭᠡ ᠪᠠᠶᠢᠭᠤᠯᠤᠭᠰᠠᠨ ᠨᠢ ᠤᠷᠤᠨ ᠲᠤᠭᠤᠷᠢᠭ ᠤᠨ ᠬᠤᠳᠠᠯᠳᠤᠭᠠᠴᠢᠨ ᠡᠷᠤᠬᠡ ᠪᠠ ᠤᠯᠠᠨ | ᠲᠦᠮᠡᠨ ᠳᠤ ᠲᠦᠬᠦᠮ ᠲᠦᠳᠠ ᠪᠤᠯᠵᠦ᠂ ᠲᠡᠳᠠᠨᠠᠷ ᠲᠤᠰ ᠬᠢᠨᠠᠠ ᠬᠡᠮᠵᠢᠬᠦ ᠦᠷᠳᠡᠭᠡ ᠪᠠᠷ ᠲᠠᠮᠵᠢᠨ ᠬᠤᠳᠠᠯᠳᠤᠨ | ᠠᠪᠤᠭᠰᠠᠨ ᠪᠠ ᠬᠤᠳᠠᠯᠳᠤᠵᠤ ᠪᠠᠶᠢᠭ᠎ᠠ ᠢᠳᠡᠰᠢᠨ ᠨᠤᠭᠤᠭ᠎ᠠ ᠵᠢᠮᠢᠰ ᠵᠡᠷᠭᠡ ᠳᠤ ᠲᠠᠷᠢᠶᠠᠯᠠᠩ ᠤᠨ ᠡᠮ ᠦᠯᠡᠳᠡᠵᠤ | ᠪᠠᠢᠬᠤ ᠡᠰᠡᠬᠦ᠂ ᠮᠢᠬᠠᠨ ᠤ ᠲᠦᠷᠤᠯ ᠤᠨ ᠤᠰᠤᠨ ᠤ ᠠᠭᠤᠯᠤᠭᠳᠠᠴᠠ᠂ ᠦᠨᠳᠡᠭᠡ ᠶᠢᠨ ᠲᠦᠷᠤᠯ ᠪᠠ ᠠᠮᠤ | ᠪᠤᠳᠠᠭᠠᠨ ᠤ ᠰᠤᠷᠭᠤᠭ ᠤᠨ ᠬᠡᠮᠵᠢᠶ᠎ᠠ᠂ ᠬᠤᠭᠤᠯᠠᠨ ᠬᠡᠷᠡᠭᠰᠡᠯ ᠤᠨ ᠠᠷᠢᠭᠤᠨ ᠴᠡᠪᠡᠷ ᠤᠨ ᠬᠡᠮᠵᠢᠶ᠎ᠠ ᠶᠢ ᠲᠦᠷᠭᠡᠨ | ᠢᠶᠠᠷ ᠬᠢᠨᠠᠨ ᠬᠡᠮᠵᠢᠵᠤ ᠳᠡᠶᠢᠯᠦᠨ᠎ᠡ︾ ᠭᠡᠵᠤ ᠡᠷᠬᠢᠳᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠪᠤᠷᠢ | ᠶᠢᠨ ᠲᠡᠳ᠋ ᠲᠠᠷᠤᠭ᠎ᠠ ᠲᠦᠩ ᠬᠠᠢ ᠴᠧᠩ ᠶᠠᠷᠢᠨ᠎ᠠ᠃ | ᠡᠳᠡᠭᠡᠷ ᠠᠷᠠᠳ ᠲᠤ ᠠᠰᠢᠭ ᠬᠦᠷᠳᠡᠭᠡᠬᠦ ᠠᠷᠭ᠎ᠠ ᠠᠪᠴᠠᠯ ᠠᠴᠠ ᠭᠠᠳᠠᠨ᠎ᠠ᠂ ᠡᠷᠬᠢᠳᠤ ᠵᠠᠬ᠎ᠠ ᠲᠡᠯᠭᠡᠬᠦᠷ ᠤᠨ | ᠬᠢᠨᠠᠯᠳᠠ ᠬᠠᠮᠢᠶᠠᠷᠤᠯᠳᠠ ᠶᠢᠨ ᠰᠠᠯᠪᠤᠷᠢ ᠨᠢ ᠬᠢᠨᠠᠨ ᠬᠠᠮᠢᠶᠠᠷᠤᠯᠳᠠ ᠶᠢ ᠨᠢᠭᠡ ᠴᠤᠭᠴᠠᠵᠢᠭᠤᠯᠤᠭᠰᠠᠨ ᠲᠠᠪᠴᠠᠩ ᠢ | ᠬᠦᠢᠴᠡᠳ ᠠᠰᠢᠭᠯᠠᠵᠤ᠂ ᠰᠠᠯᠪᠤᠷᠢ ᠶᠢᠨ ᠲᠠᠷᠤᠭ᠎ᠠ ᠶᠢᠨ ᠬᠢᠴᠢᠶᠡᠯ ᠤᠨ ᠲᠠᠩᠬᠢᠮ᠂ ᠦᠨᠳᠤᠰᠤᠨ ᠱᠠᠳᠤᠨ ᠳᠤ | ᠲᠦᠪᠯᠡᠷᠡᠬᠦᠯᠤᠨ ᠬᠢᠨᠠᠨ ᠲᠤᠭᠳᠠᠭᠠᠬᠤ ᠵᠡᠷᠭᠡ ᠠᠵᠢᠯ ᠢᠶᠠᠷ ᠡᠩᠨᠡᠭᠡᠨ ᠤ ᠪᠦᠳᠤᠭᠡᠨ ᠪᠠᠢᠭᠤᠯᠤᠯᠳᠠ ᠪᠠᠨ | ᠴᠢᠩᠭᠠᠳᠬᠠᠨ᠂ ᠺᠠᠳ᠋ᠷ ᠠᠵᠢᠯᠳᠠᠨ ᠤ ᠪᠠᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠶᠡᠷᠦᠩᠬᠡᠶᠢᠯᠡᠭᠰᠡᠨ ᠬᠡᠪ | ᠰᠤᠷᠳᠠᠯ ᠢ ᠨᠢ ᠲᠡᠭᠡᠭᠰᠢᠯᠡᠬᠦᠯᠵᠤ᠂ ᠤᠬᠢ ᠰᠠᠶᠢᠨ ᠵᠠᠬ᠎ᠠ ᠲᠡᠯᠭᠡᠬᠦᠷ ᠤᠨ ᠬᠢᠨᠠᠯᠳᠡ ᠬᠠᠮᠢᠶᠠᠷᠤᠯᠳᠠ ᠶᠢᠨ ᠡᠩᠨᠡᠭᠡ ᠶᠢ | ᠪᠠᠶᠢᠭᠤᠯᠪᠠ᠃ ︵ᠵᠢᠩ ᠠᠨ︶ |