ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠳᠤ ᠪᠤᠯᠪᠠᠰᠤᠷᠠᠯ ᠬᠦᠷᠳᠡᠭᠡᠵᠡᠢ
ᠨᠡᠶᠢᠲᠡᠯᠡᠭᠰᠡᠨ ᠴᠠᠭ᠄
2025/2/11
    ︽ᠴᠠᠭᠠᠨ ᠰᠠᠷ᠎ᠠ ᠶᠢᠨ ᠠᠮᠠᠷᠠᠯᠳᠠ ᠶᠢᠨ ᠳᠠᠷᠠᠭ᠎ᠠ᠂ ᠪᠢᠳᠡ ᠬᠠᠮᠤᠭ ᠤᠨ ᠲᠦᠷᠦᠭᠦᠨ ᠳᠤ ᠰᠢᠨᠵᠢᠯᠡᠬᠦ ᠤᠬᠠᠭᠠᠨ ᠮᠡᠷᠭᠡᠵᠢᠯ᠂ ᠲᠥᠷᠥ ᠶᠢᠨ ᠪᠣᠳᠣᠯᠭ᠎ᠠ ᠶᠢ ᠬᠥᠳᠡᠭᠡ ᠲᠤᠰᠬᠤᠨ ᠳᠤ ᠬᠦᠷᠭᠡᠬᠦ ᠪᠣᠯᠪᠠᠰᠤᠷᠠᠯ ᠢ ᠡᠷᠭᠢᠯᠡᠪᠡ᠂ ᠪᠣᠯᠪᠠᠰᠤᠷᠠᠯ ᠳᠤ ᠲᠠᠷᠢᠶᠠᠯᠠᠩ ᠤᠨ ᠲᠡᠷᠢᠭᠦᠨ ᠤ ᠮᠠᠰᠢᠨ ᠮᠧᠬᠠᠨᠢᠭ ᠤᠨ ᠲᠠᠨᠢᠯᠴᠠᠭᠤᠯᠭ᠎ᠠ ᠵᠡᠷᠭᠡ ᠪᠠᠶᠢᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠲᠥᠷᠥ ᠶᠢᠨ ᠪᠣᠳᠣᠯᠭ᠎ᠠ ᠪᠠ ᠴᠢᠳᠠᠮᠵᠢ ᠶᠢᠨ ᠴᠢᠨᠠᠷᠲᠠᠶ ᠲᠥᠷᠥ ᠶᠢᠨ ᠪᠣᠳᠣᠯᠭ᠎ᠠ ᠶᠢ ᠬᠠᠮᠲᠤ ᠳᠤᠨᠢ ᠮᠠᠯᠴᠢᠨ ᠲᠠᠷᠢᠶᠠᠴᠢᠨ ᠳᠤ ᠬᠦᠷᠭᠡᠨ᠂ ᠣᠯᠠᠨ ᠲᠦᠮᠡᠨ ᠤ 2025 ᠣᠨ ᠳᠤ ᠡᠯᠪᠡᠭ ᠬᠤᠷᠢᠶᠠᠯᠲᠠ ᠤᠯᠬᠤ ᠳᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠮᠦᠰ ᠤᠨ ᠬᠦᠴᠦᠨ ᠴᠢᠳᠠᠯ ᠢ ᠨᠡᠮᠡᠷᠢᠯᠡᠪᠡ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠰᠢᠤᠢ ᠬᠤᠩ ᠷᠦ ᠬᠡᠯᠡᠪᠡ᠃    ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨᠴᠢ ᠪᠠᠷ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠢ ᠵᠦᠢ ᠵᠣᠬᠢᠰᠲᠠᠢ ᠲᠥᠯᠥᠪᠵᠢᠭᠦᠯᠬᠦ ᠶᠢ ᠨᠡᠩ ᠰᠠᠶᠢᠲᠤᠷ ᠵᠢᠯᠣᠭᠤᠳᠴᠤ᠂ ᠲᠠᠷᠢᠮᠠᠯ ᠤᠨ ᠮᠤ᠋ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 8 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠰᠢᠨᠵᠢᠯᠡᠬᠦ ᠤᠬᠠᠭᠠᠨ ᠮᠡᠷᠭᠡᠵᠢᠯ᠂ ᠲᠦᠷᠦ ᠶᠢᠨ ᠪᠤᠳᠤᠯᠭ᠎ᠠ ᠶᠢ ᠬᠥᠳᠡᠭᠡ ᠲᠣᠰᠬᠤᠨ ᠳᠤ ᠬᠦᠷᠭᠡᠬᠦ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠯᠧᠺᠲ᠋ᠣᠷ ᠤᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ 20 ᠭᠠᠷᠤᠢ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ ᠠᠵᠢᠯᠯᠠᠭ᠎ᠠ ᠳᠤ ᠣᠷᠣᠯᠴᠠᠪᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠠᠷᠢᠶᠠᠯᠠᠩ ᠮᠠᠯ ᠠᠵᠤ ᠠᠬᠤᠢ ᠶᠢᠨ ᠬᠤᠶᠠᠷ ᠲᠤᠰᠬᠠᠢ ᠮᠡᠷᠭᠡᠵᠢᠯᠲᠡᠨ ᠤᠷᠢᠳ ᠬᠤᠵᠢᠳ ᠬᠠᠮᠢᠶ᠎ᠠ ᠪᠦᠬᠦᠢ ᠡᠭᠦᠯᠳᠡᠷ ᠤᠨ ᠡᠷᠳᠡᠨᠢ ᠰᠢᠰᠢ᠂ ᠰᠢᠷ᠎ᠠ ᠪᠤᠷᠴᠠᠭ ᠤᠨ ᠰᠢᠨᠵᠢ ᠪᠠᠶᠢᠳᠠᠯ᠂ ᠭᠤᠤᠯᠳᠠᠯᠭ᠎ᠠ ᠲᠠᠢ ᠳᠡᠯᠭᠡᠷᠡᠭᠦᠯᠬᠦ ᠡᠭᠦᠯᠳᠡᠷ᠂ ᠤᠨᠠᠯᠲᠠ ᠶᠢ ᠨᠡᠮᠡᠭᠳᠡᠬᠦᠯᠬᠦ ᠮᠡᠷᠭᠡᠵᠢᠯ ᠤᠨ ᠵᠠᠭᠪᠤᠷ ᠵᠢᠴᠢ ᠲᠠᠷᠢᠶᠠᠨ ᠭᠠᠵᠠᠷ ᠢ ᠬᠠᠮᠠᠭᠠᠯᠠᠬᠤ᠂ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ᠂ 2025 ᠣᠨ ᠤ ᠡᠷᠳᠡᠨᠢ ᠰᠢᠰᠢ ᠰᠢᠷ᠎ᠠ ᠪᠤᠷᠴᠠᠭ ᠤᠨ ᠰᠢᠨ᠎ᠡ ᠡᠭᠦᠯᠳᠡᠷ ᠤᠨ ᠰᠢᠨ᠎ᠡ ᠮᠡᠷᠭᠡᠵᠢᠯ ᠵᠢᠴᠢ ᠭᠤᠣᠯᠳᠠᠯᠭ᠎ᠠ ᠲᠠᠢ ᠲᠦᠷᠦ ᠶᠢᠨ ᠪᠤᠳᠤᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠪᠠ᠃    ᠪᠣᠯᠪᠠᠰᠤᠷᠠᠯ ᠤᠨ ᠶᠠᠪᠤᠴᠠ ᠳᠤ᠂ ᠲᠤᠰᠬᠠᠶ ᠮᠡᠷᠭᠡᠵᠢᠯᠲᠡᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠬᠤᠪᠢᠶᠠᠯᠴᠠᠨ ᠡᠳ᠋ᠯᠡᠬᠦ ᠠᠴᠠ ᠭᠠᠳᠠᠨ᠎ᠠ᠂ ᠪᠠᠰᠠ ᠣᠳᠣᠬᠠᠨ ᠤ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠳᠤ ᠴᠢᠭᠯᠡᠭᠦᠯᠦᠨ ᠨᠠᠷᠢᠯᠢᠭ ᠵᠠᠳᠠᠯᠤᠯᠲᠠ ᠬᠢᠭᠰᠡᠨ ᠪᠥᠭᠡᠳ ᠢᠯᠡᠳᠬᠡᠬᠦ ᠤᠷ᠎ᠠ ᠮᠡᠷᠭᠡᠵᠢᠯ ᠂ ᠬᠢᠴᠢᠶᠡᠯ ᠤᠨ ᠲᠥᠯᠥᠪᠯᠡᠭᠡ ᠵᠡᠷᠭᠡ ᠲᠠᠯ᠎ᠠ ᠪᠠᠷ ᠰᠢᠰᠲ᠋ᠧᠮ ᠲᠠᠢ ᠪᠣᠯᠪᠠᠰᠤᠷᠠᠯ ᠬᠢᠭᠰᠡᠨ ᠪᠠᠶᠢᠨ᠎ᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠪ ᠤᠨ ᠠᠮᠢ ᠠᠬᠤᠶ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠲᠠᠰᠤᠭ ᠤᠨ ᠳᠡᠳ᠋ ᠳᠠᠷᠤᠭ᠎ᠠ ᠶᠠᠩ ᠹᠠᠨ᠄ ︽ᠲᠣᠰ ᠤᠳᠠᠭᠠᠨ ᠤ ᠪᠣᠯᠪᠠᠰᠤᠷᠠᠯ ᠳᠤ ᠬᠤᠶᠠᠷ ᠲᠤᠰᠬᠠᠶ ᠮᠡᠷᠭᠡᠵᠢᠯᠲᠡᠨ ᠨᠡᠯᠢᠶᠡᠳ ᠣᠯᠠᠨ ᠪᠣᠳᠠᠲᠤ ᠬᠡᠷᠡᠭᠯᠡᠭᠡᠨ ᠤ ᠠᠵᠢᠯ ᠤᠨ ᠲᠤᠷᠰᠢᠯᠭ᠎ᠠ ᠶᠢ ᠤᠯᠠᠮᠵᠢᠯᠠᠵᠠᠶ᠂ ᠵᠠᠯᠭᠠᠭᠠᠳ ᠪᠢᠳᠡ ᠨᠠᠷᠢᠨ ᠬᠢᠨᠠᠮᠠᠭᠠᠶ ᠰᠤᠷᠤᠯᠴᠠᠵᠤ᠂ ᠲᠥᠷᠥ ᠶᠢᠨ ᠪᠣᠳᠣᠯᠭ᠎ᠠ ᠪᠠ ᠮᠡᠷᠭᠡᠵᠢᠯ ᠢᠶᠠᠨ ᠠᠪᠴᠤ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯ ᠢ ᠰᠠᠶᠢᠲᠤᠷ ᠥᠷᠨᠢᠭᠦᠯᠦᠨ᠎ᠡ︾ ᠭᠡᠵᠡᠶ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠪ ᠠᠴᠠ ᠲᠤᠰᠬᠠᠶ ᠮᠡᠷᠭᠡᠵᠢᠯ ᠤᠨ ᠯᠧᠺᠲ᠋ᠣᠷ ᠤᠨ ᠪᠦᠯᠬᠦᠮ ᠢ ᠵᠣᠬᠢᠶᠠᠨ ᠪᠠᠶᠢᠭᠤᠯᠵᠤ᠂ ᠬᠠᠭᠠᠰ ᠰᠠᠷ᠎ᠠ ᠶᠢᠨ ᠴᠠᠭ ᠢ ᠠᠰᠢᠭᠯᠠᠨ᠂ ᠪᠥᠬᠦ ᠬᠤᠰᠢᠭᠤᠨ ᠤ ᠭᠠᠴᠠᠭ᠎ᠠ ᠲᠣᠰᠬᠤᠨ ᠢᠶᠠᠷ ᠭᠦᠨᠵᠡᠭᠡᠶᠢᠷᠡᠨ ᠰᠢᠨᠵᠢᠯᠡᠬᠦ ᠤᠬᠠᠭᠠᠨ ᠮᠡᠷᠭᠡᠵᠢᠯ ᠢ ᠬᠦᠷᠭᠡᠬᠦ ᠲᠥᠷᠥ ᠶᠢᠨ ᠪᠣᠳᠣᠯᠭ᠎ᠠ ᠶᠢ ᠬᠥᠳᠡᠭᠡ ᠪᠠᠭᠤᠯᠭᠠᠬᠤ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠴᠠᠭ ᠲᠤᠬᠠᠶ ᠳᠤᠨᠢ ᠭᠥᠷᠳᠡᠬᠦ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号