| 2025 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠵᠢᠴᠢ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠠᠨ ᠰᠠᠷ᠎ᠠ ᠶᠢᠨ ᠠᠮᠤᠷ ᠢ | ᠪᠠᠳᠤᠯᠠᠵᠦ ᠲᠣᠭᠲᠠᠭᠤᠨ ᠢ ᠬᠠᠮᠠᠭᠠᠯᠠᠬᠤ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠢ ᠪᠠᠳᠤᠯᠠᠵᠦ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ | ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠣᠳᠠᠲᠠᠶ ᠨᠠᠷᠢᠯᠢᠭ ᠰᠠᠶᠢᠲᠤᠷ ᠠᠳᠬᠤᠵᠤ᠂ ᠨᠡᠶᠢᠭᠡᠮ ᠤᠨ | ᠠᠮᠤᠷ ᠲᠦᠪᠰᠢᠨ ᠤ ᠶᠡᠭᠡ ᠲᠠᠯ᠎ᠠ ᠶᠢᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠳᠤᠯᠠᠪᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠨᠠᠮ ᠤᠨ ᠬᠤᠷᠢᠶ᠎ᠠ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ᠂ ᠤᠷᠢᠳᠴᠢᠯᠠᠨ ᠲᠥᠯᠥᠪᠯᠡᠬᠦ ᠶᠢ ᠢᠮᠠᠭᠲᠠ | ᠪᠠᠷᠢᠮᠲᠠᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠤ ᠨᠡᠶᠢᠭᠡᠮ ᠤᠨ ᠠᠮᠤᠷ ᠲᠦᠪᠰᠢᠨ ᠤ ᠣᠨᠴᠠᠯᠢᠭ᠂ ᠵᠠᠮ | ᠬᠠᠷᠢᠯᠴᠠᠭᠠᠨ ᠤ ᠪᠣᠳᠠᠲᠤ ᠪᠠᠶᠢᠳᠠᠯ ᠪᠠ ᠲᠣᠮᠣ ᠬᠡᠯᠪᠡᠷᠢ ᠶᠢᠨ ᠠᠵᠢᠯᠯᠠᠭ᠎ᠠ ᠶᠢᠨ ᠪᠠᠶᠢᠳᠠᠯ ᠲᠠᠢ ᠤᠶᠠᠯᠳᠤᠭᠤᠯᠤᠨ᠂ | ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠪᠠᠳᠤᠯᠠᠵᠦ ᠲᠣᠭᠲᠠᠭᠤᠨ ᠢ | ᠬᠠᠮᠠᠭᠠᠯᠠᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ | ᠪᠠᠲᠤᠯᠠᠬᠤ᠂ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ ᠸᠢᠳᠢᠣ᠋ ᠶᠢᠨ ᠲᠣᠬᠢᠷᠠᠭᠤᠯᠤᠯᠲᠠ ᠶᠢᠨ ᠬᠤᠷᠠᠯ | ᠬᠤᠷᠠᠯᠳᠤᠭᠤᠯᠵᠤ᠂ ᠪᠥᠬᠦ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠢ ᠴᠠᠭ ᠲᠤᠬᠠᠶ ᠳᠤᠨᠢ | ᠡᠵᠡᠮᠰᠢᠵᠦ᠂ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ | ᠤᠯᠬᠤ ᠶᠢ ᠠᠬᠢᠭᠤᠯᠪᠠ᠃ | ᠨᠡᠶᠢᠭᠡᠮ ᠤᠨ ᠲᠠᠯ᠎ᠠ ᠶᠢᠨ ᠲᠣᠭᠤᠷᠢᠨ ᠰᠡᠷᠭᠡᠶᠢᠯᠡᠬᠦ ᠦᠢᠯᠡᠴᠢᠯᠡᠭᠡᠨ ᠢ ᠪᠥᠬᠦ ᠲᠠᠯ᠎ᠠ ᠪᠠᠷ ᠡᠬᠢᠯᠡᠭᠦᠯᠵᠦ᠂ | ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ︽1᠂ 3᠂ 5 ᠮᠢᠨᠦ᠋ᠲ︾ ᠤᠨ ᠲᠦᠷᠭᠡᠨ | ᠲᠤᠰᠬᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠭᠠᠵᠠᠷ᠂ ᠬᠥᠭᠵᠢᠶᠡᠨ | ᠨᠠᠷᠭᠢᠶᠠᠨ ᠲᠠᠢ ᠵᠡᠭᠡᠯᠢ ᠭᠤᠳᠤᠮᠵᠢ᠂ ᠣᠯᠠᠨ ᠨᠡᠶᠢᠲᠡ ᠶᠢᠨ ᠪᠤᠳᠤᠯᠢᠶᠠᠨᠲᠠᠶ ᠲᠠᠯᠠᠪᠤᠷ ᠭᠠᠵᠠᠷ ᠲᠤ ᠲᠣᠭᠤᠷᠢᠨ | ᠰᠡᠷᠭᠡᠶᠢᠯᠡᠬᠦ ᠡᠷᠴᠢᠮ ᠢᠶᠠᠨ ᠴᠢᠩᠭᠠᠳᠬᠠᠵᠤ᠂ ᠴᠠᠭᠳᠠᠭ᠎ᠠ ᠦᠵᠡᠬᠦ ᠨᠣᠷᠮ᠎ᠠ᠂ ᠬᠡᠷᠡᠭ ᠬᠠᠮᠢᠶᠠᠷᠬᠤ ᠨᠣᠷᠮ᠎ᠠ ᠪᠠ | ᠰᠦᠷᠳᠡᠭᠦᠯᠬᠦ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠨᠡᠶᠢᠭᠡᠮ ᠤᠨ ᠡᠮᠬᠢ ᠳᠢᠭᠯᠢᠮ ᠢ | ᠬᠦᠴᠦᠲᠡᠶ ᠬᠠᠮᠠᠭᠠᠯᠠᠪᠠ᠃ | ᠪᠠᠶᠠᠷ ᠤᠨ ᠡᠳᠦᠷ ᠤᠨ ᠣᠨᠴᠠᠯᠢᠭ ᠲᠠᠢ ᠤᠶᠠᠯᠳᠤᠭᠤᠯᠤᠨ᠂ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠬᠦᠴᠦᠯᠡᠴᠡ ᠪᠠᠨ | ᠪᠦᠲᠦᠮᠵᠢᠲᠡᠶ ᠨᠡᠮᠡᠭᠳᠡᠬᠦᠯᠵᠠᠢ᠃ ︽ᠬᠤᠯᠠᠭᠠᠶᠢᠯᠠᠬᠤ ᠪᠤᠯᠢᠶᠠᠬᠤ ᠮᠡᠬᠡᠯᠡᠬᠦ︾᠂ ︽ᠠᠮᠢ ᠠᠬᠤᠢ ᠤᠷᠴᠢᠨ ᠳᠤᠭᠤᠷᠢᠨ | ᠪᠠ ᠢᠳᠡᠭᠡᠨ ᠡᠮ ᠤᠨ ᠵᠦᠢᠯᠡᠰ︾ ᠵᠡᠷᠭᠡ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠭ᠎ᠠ ᠪᠠ ᠰᠡᠷᠭᠡᠶᠢᠯᠡᠯᠲᠡ ᠶᠢ ᠦᠨᠡᠨᠬᠦ ᠴᠢᠩᠭᠠᠳᠬᠠᠵᠤ᠂ ᠴᠣᠬᠢᠯᠲᠠ | ᠥᠭᠴᠦ ᠴᠡᠭᠴᠡᠯᠡᠨ ᠵᠠᠰᠠᠬᠤ ᠭᠤᠤᠯᠳᠠᠯᠭ᠎ᠠ ᠶᠢ ᠳᠣᠪᠤᠶᠢᠯᠭᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠠᠭᠠᠨ | ᠰᠠᠷ᠎ᠠ ᠶᠢᠨ ᠬᠤᠭᠤᠴᠠᠭᠠᠨ ᠳᠠᠬᠢ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠦᠨᠡᠨᠬᠦ ᠬᠠᠮᠠᠭᠠᠯᠠᠵᠦ ᠪᠤᠢ | ᠃ | ᠠᠮᠤᠷ ᠲᠦᠪᠰᠢᠨ ᠴᠠᠭᠠᠨ ᠰᠠᠷ᠎ᠠ ᠶᠢᠨ ᠵᠥᠭᠡᠭᠡᠪᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠮ ᠬᠠᠷᠢᠯᠴᠠᠭᠠᠨ ᠤ | ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ | ᠴᠢᠩᠭᠠᠳᠬᠠᠵᠤ᠂ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠷᠠᠭᠤᠯᠤᠨ | ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠭᠤᠤᠯᠳᠠᠯᠭ᠎ᠠ ᠲᠠᠢ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠵᠤ᠂ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠴᠢᠩᠭᠠᠳᠬᠠᠨ᠂ ᠠᠷᠢᠬᠢ | ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ᠂ ᠫᠠᠶᠢᠰᠠ ᠦᠨᠡᠮᠯᠡᠯ ᠥᠬᠡᠶ᠂ ᠲᠠᠷᠢᠶᠠᠯᠠᠩ ᠳᠤ ᠬᠡᠷᠡᠭᠯᠡᠬᠦ ᠮᠠᠰᠢᠨ | ᠲᠡᠷᠭᠡᠨ ᠤ ᠬᠥᠮᠦᠨ ᠳᠡᠭᠡᠭᠡᠪᠦᠷᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠨᠠᠭᠤᠯᠤᠮᠵᠢ ᠶᠢ ᠨᠡᠶᠢᠲᠡᠯᠡᠵᠦ᠂ ᠬᠠᠷᠢᠶ᠎ᠠ ᠣᠷᠣᠨ ᠤ ᠵᠠᠮ | ᠬᠠᠷᠢᠯᠴᠠᠭᠠᠨ ᠤ ᠠᠮᠤᠷ ᠲᠦᠪᠰᠢᠨ ᠢ ᠬᠦᠴᠦᠲᠡᠶ ᠬᠠᠮᠠᠭᠠᠯᠠᠪᠠ᠃ |