ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ
ᠨᠡᠶᠢᠲᠡᠯᠡᠭᠰᠡᠨ ᠴᠠᠭ᠄
2025/2/13
    ︽ᠥᠨᠥᠳᠦᠷ ᠪᠣᠯ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠪᠣᠯᠬᠤᠷ ᠣᠯᠠᠨ  ᠢᠶᠠᠷ ᠢᠶᠠᠨ ᠬᠠᠮᠲᠤ ᠪᠠᠷ ᠲᠣᠭᠯᠠᠯᠲᠠ ᠭᠠᠷᠭᠠᠨ᠂ ᠪᠠᠩᠰᠢ ᠪᠠᠷᠢᠵᠤ᠂ ᠥᠯᠵᠡᠶᠢᠲᠦ ᠪᠣᠭᠤᠷᠰᠤᠭ ᠴᠢᠨᠠᠵᠤ ᠮᠠᠰᠢ ᠪᠠᠶᠠᠷᠲᠠᠶ ᠪᠠᠶᠢᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠶᠤᠸᠠᠨ ᠭᠤᠸᠠᠩ ᠲᠣᠰᠬᠤᠨ ᠤ ᠠᠷᠠᠳ ᠵᠤᠤ ᠬᠤᠢ ᠮᠢᠩ ᠬᠡᠯᠡᠪᠡ᠃ 2 ᠰᠠᠷ᠎ᠠ ᠶᠢᠨ 12 ᠤᠨ ᠡᠳᠦᠷ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠤᠷᠴᠢᠨ ᠪᠠᠯᠭᠠᠰᠤᠨ ᠤ ᠶᠤᠸᠠᠨ ᠭᠤᠸᠠᠩ ᠲᠣᠰᠬᠤᠨ ᠤ ᠲᠣᠰᠬᠤᠨ ᠤ ᠠᠷᠠᠳ ᠤᠨ ᠵᠥᠪᠯᠡᠯ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃    ᠲᠤᠬᠠᠶ ᠶᠢᠨ ᠡᠳᠦᠷ᠂ ᠲᠣᠰᠬᠤᠨ ᠤ ᠠᠷᠠᠳ ᠠᠯᠢ ᠡᠷᠲᠡ ᠲᠣᠰᠬᠤᠨ ᠤ ᠠᠷᠠᠳ ᠤᠨ ᠵᠥᠪᠯᠡᠯ ᠳᠤ ᠬᠦᠷᠴᠦ᠂ ᠣᠯᠠᠨ ᠢᠶᠠᠷ ᠢᠶᠠᠨ ᠬᠠᠮᠲᠤ ᠰᠠᠭᠤᠵᠤ᠂ ᠪᠠᠶᠠᠷ ᠬᠥᠷ ᠲᠠᠢ ᠪᠠᠷ ᠪᠠᠩᠰᠢ ᠪᠠᠷᠢᠵᠤ᠂ ᠥᠯᠵᠡᠶᠢᠲᠦ ᠪᠣᠭᠤᠷᠰᠤᠭ ᠴᠢᠨᠠᠪᠠ᠃ ᠤᠯᠠᠨ ᠢᠶᠠᠷ ᠢᠶᠠᠨ ᠠᠵᠢᠯ ᠢᠶᠠᠨ ᠬᠤᠪᠢᠳᠠᠨ ᠬᠠᠮᠵᠢᠯᠴᠠᠵᠤ᠂ ᠪᠠᠶᠠᠷ ᠪᠠᠶᠠᠰᠬᠤᠯᠠᠩᠳᠤ ᠢᠨᠢᠶᠡᠳᠦ ᠶᠢᠨ ᠳᠠᠭᠤᠨ ᠤ ᠲᠤᠮᠳᠠ ᠶᠠᠩᠵᠤ ᠪᠦᠷᠢ ᠶᠢᠨ ᠪᠠᠩᠰᠢ ᠪᠠᠷᠢᠵᠤ᠂ ᠪᠠᠶᠠᠷ ᠳᠤᠷᠠᠰᠬᠠᠯ ᠤᠨ ᠡᠳᠦᠷ ᠤᠨ ᠦᠨᠦᠷ ᠠᠮᠲᠠ ᠪᠠ ᠬᠥᠷᠰᠢ ᠵᠡᠷᠭᠡᠯᠡᠳᠡᠭᠡ ᠶᠢᠨ ᠬᠠᠯᠠᠭᠤᠨ ᠳᠤᠯᠠᠭᠠᠨ ᠬᠠᠶᠢᠷ᠎ᠠ ᠰᠡᠳᠬᠢᠯᠭᠡ ᠪᠠᠷ ᠪᠢᠯᠬᠠᠵᠤ ᠪᠠᠶᠢᠯ᠎ᠠ᠃    ᠡᠭᠦᠨ ᠤ ᠬᠠᠮᠳᠤ ᠤᠷᠠᠨ ᠰᠠᠶᠢᠬᠠᠨ ᠤ ᠲᠣᠭᠯᠠᠯᠲᠠ ᠴᠤ ᠬᠥᠷ ᠬᠥᠭᠵᠢᠶᠡᠨ ᠲᠠᠢ ᠶᠠᠪᠤᠭᠳᠠᠪᠠ᠃ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠲᠠᠶᠢᠰᠠᠨ ᠳᠤ ᠭᠠᠷᠴᠤ᠂ ᠥᠪᠡᠷ ᠤᠨ ᠣᠷ᠎ᠠ ᠠᠪᠢᠶᠠᠰ ᠢᠶᠠᠨ ᠭᠠᠶᠢᠬᠠᠭᠤᠯᠵᠤ ᠪᠠᠶᠢᠯ᠎ᠠ᠃ ᠳᠠᠭᠤᠤ ᠪᠥᠵᠢᠭ᠂ ᠱᠤᠭ ᠵᠦᠴᠦᠭᠡ ᠵᠡᠷᠭᠡ ᠲᠣᠭᠯᠠᠯᠲᠠ ᠶᠢ ᠡᠭᠡᠯᠵᠢᠯᠡᠨ ᠲᠣᠭᠯᠠᠵᠤ᠂ ᠠᠬᠤᠶ ᠲᠠᠯᠠᠪᠠᠶ  ᠳᠤ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢᠨ ᠳᠠᠭᠤᠨ ᠨᠢᠵᠢᠭᠢᠨᠡᠨ᠎ᠡ᠃ ᠤᠯᠠᠨ ᠢᠶᠠᠷ ᠢᠶᠠᠨ ᠥᠪᠡᠷ ᠤᠨ ᠠᠷᠭ᠎ᠠ ᠬᠡᠯᠪᠡᠷᠢ ᠪᠠᠷ ᠢᠶᠠᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠠᠯᠠᠭᠤᠨ ᠬᠠᠶᠢᠷ᠎ᠠ ᠪᠠ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠢᠶᠠᠨ ᠢᠯᠡᠳᠬᠡᠵᠡᠭᠡᠪᠡ᠃    ︽ᠡᠨᠡ ᠤᠳᠠᠭ᠎ᠠ ᠶᠢᠨ ᠠᠵᠢᠯᠯᠠᠭ᠎ᠠ ᠨᠢ ᠲᠣᠰᠬᠤᠨ ᠤ ᠠᠷᠠᠳ ᠲᠤ ᠤᠯᠠᠮᠵᠢᠯᠠᠯᠲᠤ ᠪᠠᠶᠠᠷ ᠤᠨ ᠡᠳᠦᠷ ᠤᠨ ᠷᠢᠳᠢ ᠰᠢᠳᠢ ᠶᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠤᠨ ᠬᠤᠭᠤᠷᠣᠨᠳᠣᠬᠢ ᠪᠦᠯᠬᠦᠮᠳᠡᠯ ᠢ ᠴᠢᠩᠭᠠᠳᠬᠠᠵᠤ᠂ ᠶᠤᠸᠠᠨ ᠭᠤᠸᠠᠩ ᠲᠣᠰᠬᠤᠨ ᠤ ᠡᠨᠡᠬᠦ ᠶᠡᠭᠡ ᠭᠡᠷ ᠪᠦᠯᠢ ᠶᠢ ᠨᠡᠩ ᠬᠠᠯᠠᠭᠤᠨ ᠳᠤᠯᠠᠭᠠᠬᠠᠨ ᠪᠥᠭᠡᠳ ᠡᠶ᠎ᠡ ᠵᠣᠬᠢᠴᠠᠩᠭᠤᠢ ᠪᠣᠯᠭᠠᠵᠠᠢ︾ ᠭᠡᠵᠦ ᠬᠤᠷᠴᠢᠨ ᠪᠠᠯᠭᠠᠰᠤᠨ ᠤ ᠶᠤᠸᠠᠨ ᠭᠤᠸᠠᠩ ᠲᠣᠰᠬᠤᠨ ᠤ ᠡᠷᠬᠢᠯᠡᠭᠴᠢ ᠲᠦᠩ ᠰᠢᠤ ᠬᠤᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号