ᠬᠤᠶᠢᠳᠤ ᠭᠤᠸᠠᠩ ᠷᠦᠩ ᠭᠠᠴᠠᠭ᠎ᠠ ᠪᠷᠦ᠋ᠼᠧᠯ ᠡᠪᠡᠳᠴᠢᠨ ᠢ ᠰᠠᠶᠢᠳᠤᠷ ᠰᠡᠷᠭᠡᠶᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2025/2/13
    ︽ᠥᠩᠭᠡᠷᠡᠭᠰᠡᠨ ᠳᠤ ᠪᠷᠦ᠋ᠼᠧᠯ ᠡᠪᠡᠳᠴᠢᠨ ᠢ ᠬᠡᠷᠬᠢᠨ ᠰᠡᠷᠭᠡᠶᠢᠯᠡᠬᠦ ᠶᠢ ᠲᠣᠳᠣᠷᠬᠠᠢ ᠮᠡᠳᠡᠬᠦ ᠦᠭᠡᠢ ᠪᠠᠶᠢᠭᠰᠠᠨ ᠠᠴᠠ ᠰᠠᠨᠠᠭ᠎ᠠ ᠵᠤᠪᠠᠵᠤ ᠪᠠᠶᠢᠪᠠ᠂ ᠥᠨᠥᠳᠦᠷ ᠲᠠᠶᠢᠯᠤᠮᠵᠢ ᠶᠢ ᠰᠣᠨᠣᠰᠴᠤ ᠪᠠᠰᠠ ᠪᠡᠶ᠎ᠡ ᠪᠠᠨ ᠪᠠᠶᠢᠴᠠᠭᠠᠯᠭᠠᠪᠠ᠂ ᠤᠳᠤ ᠰᠠᠨᠠᠭ᠎ᠠ ᠠᠮᠤᠷ ᠪᠣᠯᠵᠠᠢ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠪᠠᠯᠭᠠᠰᠤ ᠶᠢᠨ ᠬᠤᠶᠢᠲᠤ ᠭᠤᠸᠠᠩ ᠷᠦᠩ ᠭᠠᠴᠠᠭ᠎ᠠ ᠶᠢᠨ ᠲᠠᠷᠢᠶᠠᠴᠢᠨ ᠰᠢᠤ ᠢᠦᠢ ᠬᠤᠩ ᠪᠠᠶᠠᠷ ᠲᠠᠢ ᠪᠠᠷ ᠶᠠᠷᠢᠨ᠎ᠠ᠃ ᠥᠷᠭᠡᠨ ᠣᠯᠠᠨ ᠮᠠᠯᠴᠢᠨ ᠲᠠᠷᠢᠶᠠᠴᠢᠨ ᠳᠤ ᠪᠷᠦ᠋ᠼᠧᠯ ᠡᠪᠡᠳᠴᠢᠨ ᠢ ᠰᠡᠷᠭᠡᠶᠢᠯᠡᠬᠦ ᠮᠡᠳᠡᠯᠭᠡ ᠶᠢ ᠭᠦᠨᠵᠡᠭᠡᠶ ᠣᠶᠢᠯᠠᠭᠠᠭᠤᠯᠵᠤ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠨᠢ ᠡᠵᠡᠮᠰᠢᠭᠦᠯᠬᠦ ᠶᠢᠨ ᠲᠥᠯᠥᠭᠡ᠂ 2 ᠰᠠᠷ᠎ᠠ ᠶᠢᠨ 10 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠪᠠᠯᠭᠠᠰᠤᠨ ᠳᠤ ︽  ᠪᠷᠦ᠋ᠼᠧᠯ ᠡᠪᠡᠳᠴᠢᠨ ᠢ ᠰᠡᠷᠭᠡᠶᠢᠯᠡᠬᠦ︾ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃    ᠲᠣᠰ ᠠᠵᠢᠯᠯᠠᠭ᠎ᠠ ᠳᠤ ᠬᠢᠩᠭᠠᠨ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠬᠢᠩᠭᠠᠨ ᠠᠶᠢᠮᠠᠭ ᠤᠨ ᠭᠤᠷᠪᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ᠂ ᠭᠠᠴᠠᠭᠠᠨ ᠤ ᠠᠷᠠᠳ ᠲᠤ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠬᠢᠯᠪᠠᠷ ᠣᠶᠢᠯᠠᠭᠠᠮᠵᠢᠲᠠᠢ ᠦᠭᠡ ᠬᠡᠯᠡᠯᠭᠡ ᠪᠠᠷ ᠤᠬᠠᠭᠤᠯᠤᠨ ᠲᠠᠶᠢᠯᠪᠤᠷᠢᠯᠠᠵᠠᠶ᠃ ᠪᠠᠰᠠ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠪᠷᠦ᠋ᠼᠧᠯ ᠡᠪᠡᠳᠴᠢᠨ ᠤ ᠬᠠᠯᠳᠠᠪᠤᠷᠢᠯᠠᠬᠤ ᠠᠷᠭ᠎ᠠ ᠵᠠᠮ᠂ ᠡᠪᠡᠳᠴᠢᠨ ᠤ ᠢᠯᠡᠷᠡᠯ᠂ ᠡᠮᠨᠡᠨ ᠵᠠᠰᠠᠬᠤ ᠠᠷᠭ᠎ᠠ ᠵᠢᠴᠢ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠮᠡᠳᠡᠯᠭᠡ ᠶᠢᠨ ᠲᠤᠬᠠᠢ ᠪᠦᠬᠦ ᠲᠠᠯ᠎ᠠ ᠪᠠᠷ ᠲᠠᠶᠢᠯᠤᠮᠵᠢ ᠬᠢᠵᠡᠢ᠃    ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ 60 ᠭᠠᠷᠤᠢ ᠮᠠᠯᠴᠢᠨ ᠲᠠᠷᠢᠶᠠᠴᠢᠨ ᠳᠤ ᠠᠯᠪᠠᠨ ᠵᠢᠷᠤᠮ ᠤᠨ ᠡᠮᠴᠢᠯᠡᠭᠡ ᠬᠢᠵᠦ ᠥᠭᠴᠡᠢ᠃ ᠴᠢᠰᠤᠨ ᠰᠢᠬᠢᠷ᠂ ᠴᠢᠰᠤᠨ ᠳᠠᠷᠤᠯᠲᠠ ᠶᠢ ᠬᠡᠮᠵᠢᠬᠦ᠂ ᠵᠢᠷᠦᠬᠡᠨ ᠤ ᠯᠤᠭᠰᠢᠯᠲᠠ ᠶᠢᠨ ᠵᠢᠷᠤᠭ ᠤᠨ ᠪᠠᠶᠢᠴᠠᠭᠠᠯᠲᠠ ᠬᠢᠬᠦ᠂ ᠪᠷᠦ᠋ᠼᠧᠯ ᠡᠪᠡᠳᠴᠢᠨ ᠢ ᠰᠢᠭᠰᠢᠨ ᠪᠠᠶᠢᠴᠠᠭᠠᠬᠤ ᠵᠡᠷᠭᠡ ᠲᠤᠰᠬᠠᠶ ᠮᠡᠷᠭᠡᠵᠢᠯ ᠤᠨ ᠪᠠᠶᠢᠴᠠᠭᠠᠯᠳᠠ ᠪᠠᠷ ᠳᠡᠮᠵᠢᠨ᠂ ᠮᠠᠯᠴᠢᠨ ᠲᠠᠷᠢᠶᠠᠴᠢᠨ ᠤ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠡᠷᠲᠡᠬᠡᠨ ᠣᠶᠢᠯᠠᠭᠠᠬᠤ ᠳᠤ ᠦᠢᠯᠡᠴᠢᠯᠡᠵᠦ᠂ ᠡᠷᠲᠡ ᠢᠯᠡᠷᠡᠭᠦᠯᠵᠦ ᠡᠷᠲᠡ ᠡᠮᠨᠡᠨ ᠵᠠᠰᠠᠬᠤ ᠶᠢ ᠪᠡᠶᠡᠯᠡᠭᠦᠯᠵᠡᠢ᠃ ᠡᠭᠦᠨ ᠤ ᠬᠠᠮᠳᠤ 300 ᠭᠠᠷᠤᠶ ᠬᠤᠪᠢ ᠪᠷᠦ᠋ᠼᠧᠯ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠬᠠᠮᠢᠶᠠᠷᠬᠤ ᠪᠣᠭᠴᠣ ᠵᠡᠷᠭᠡ ᠡᠳ᠋ ᠪᠤᠳᠠᠰ ᠢ ᠦᠨ᠎ᠡ ᠲᠥᠯᠥᠪᠦᠷᠢ ᠦᠭᠡᠶ ᠪᠠᠷ ᠲᠠᠷᠬᠠᠭᠠᠵᠤ᠂ ᠮᠠᠯᠴᠢᠨ ᠲᠠᠷᠢᠶᠠᠴᠢᠳ ᠲᠤ ᠡᠷᠡᠭᠦᠯ ᠮᠡᠨᠳᠦ ᠶᠢᠨ ᠳᠡᠮᠵᠢᠯᠭᠡ ᠬᠠᠩᠭᠠᠵᠠᠶ᠃ ᠠᠵᠢᠯᠲᠠᠳ ᠪᠠᠰᠠ ᠥᠷᠭᠡᠨ ᠣᠯᠠᠨ ᠮᠠᠯᠴᠢᠨ ᠲᠠᠷᠢᠶᠠᠴᠢᠨ ᠤ ᠬᠡᠷ ᠢᠶᠠᠷ ᠭᠦᠨᠵᠡᠭᠡᠶᠢᠷᠡᠵᠦ᠂ ᠪᠷᠦ᠋ᠼᠧᠯ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠮᠡᠳᠡᠯᠭᠡ ᠶᠢ ᠨᠢᠭᠤᠷᠲᠠᠨ ᠲᠠᠶᠢᠯᠪᠤᠷᠢᠯᠠᠵᠤ᠂ ᠮᠠᠳᠠᠭ ᠲᠠᠢ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠤᠨ᠂ ᠮᠠᠯᠴᠢᠨ ᠲᠠᠷᠢᠶᠠᠴᠢᠨ ᠤ ᠪᠷᠦ᠋ᠼᠧᠯ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠪᠡ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠪᠠᠯᠭᠠᠰᠤᠨ ᠤ ᠪᠠᠳᠠᠷᠠᠩᠭᠤᠢ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠸᠠᠩ ᠷᠦᠢ ᠶᠢᠨ᠄ ︽ᠡᠨᠡ ᠤᠳᠠᠭ᠎ᠠ ᠶᠢᠨ ᠠᠵᠢᠯᠯᠠᠭ᠎ᠠ ᠨᠢ ᠮᠠᠯᠴᠢᠨ ᠲᠠᠷᠢᠶᠠᠴᠢᠨ ᠤ ᠪᠷᠦ᠋ᠼᠧᠯ ᠡᠪᠡᠳᠴᠢᠨ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠠᠪᠤᠷ ᠤᠨ ᠡᠬᠢᠨ ᠤ ᠬᠤᠷᠠᠭ᠎ᠠ ᠲᠤᠰᠬᠤ ᠠᠵᠢᠯ ᠳᠠᠬᠢ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠡᠢ᠃ ᠮᠠᠨ ᠤ ᠡᠷᠡᠭᠦᠯ ᠬᠠᠮᠠᠭᠠᠯᠠᠯ ᠤᠨ ᠬᠤᠷᠢᠶ᠎ᠠ ᠦᠷᠭᠦᠯᠵᠢᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠩ ᠣᠯᠠᠨ ᠬᠡᠯᠪᠡᠷᠢ ᠶᠢᠨ᠂ ᠡᠯᠪᠡᠭ ᠪᠠᠶᠠᠯᠢᠭ ᠠᠭᠤᠯᠭ᠎ᠠ ᠲᠠᠢ ᠡᠷᠡᠭᠦᠯ ᠮᠡᠨᠳᠦ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠨ᠎ᠠ︾ ᠭᠡᠵᠡᠶ
 
ᠢᠷᠡᠯᠲᠡ᠄ ᠪᠠᠭ᠋ᠠᠷᠤᠮ᠎ᠠ ᠵᠠᠰᠠᠭᠳᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号