ᠬᠢᠩᠭᠠᠨ ᠠᠶᠢᠮᠠᠭ ᠲᠤ ᠤᠯᠤᠰ ᠤᠨ ᠲᠡᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠲᠠᠢ ᠪᠤᠯᠪᠠ
ᠨᠡᠶᠢᠲᠡᠯᠡᠭᠰᠡᠨ ᠴᠠᠭ᠄
2025/2/13
     ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠤᠶᠢᠷ᠎ᠠ ᠳᠤ 846 ᠳ᠋ᠤᠭᠠᠷ ᠲᠤᠭᠠᠳᠤ ᠠᠯᠪᠠᠨ ᠵᠠᠷᠯᠠᠯ ᠨᠡᠶᠢᠳᠡᠯᠡᠵᠦ᠂ ᠮᠠᠨ ᠤ ᠤᠷᠤᠨ ᠠᠴᠠ ᠮᠡᠳᠡᠭᠦᠯᠦᠭᠰᠡᠨ ᠬᠢᠩᠭᠠᠨ ᠠᠶᠢᠮᠠᠭ ᠤᠨ ︽ᠵᠠᠰᠠᠭᠳᠤ ᠬᠤᠨᠢ︾ ᠤᠯᠤᠰ ᠤᠨ ᠮᠠᠯ ᠵᠢᠭᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠵᠦᠪᠯᠡᠯ ᠤᠨ ᠬᠢᠨᠠᠨ ᠳᠤᠭᠳᠠᠭᠠᠯᠳᠠ ᠶᠢ ᠦᠩᠭᠡᠷᠡᠬᠦᠯᠵᠦ᠂ ᠬᠢᠩᠭᠠᠨ ᠠᠶᠢᠮᠠᠭ ᠤᠨ ᠠᠩᠬᠠᠳᠠᠭᠴᠢ ᠤᠯᠤᠰ ᠤᠨ ᠳᠡᠰ ᠤᠨ ᠮᠠᠯ ᠵᠢᠭᠦᠷᠳᠡᠨ ᠤ ᠤᠳᠤᠮᠯᠠᠯ ᠤᠨ ᠡᠬᠢ ᠪᠠᠶᠠᠯᠢᠭ ᠪᠤᠯᠪᠠ᠃     ︽ᠵᠠᠰᠠᠭᠳᠤ ᠬᠤᠨᠢ ᠭᠤᠤᠯᠳᠠᠭᠤ ᠤᠤᠯ ᠤᠨ ᠵᠠᠰᠠᠭᠳᠤ ᠸᠠᠩ ᠤᠨ ᠬᠤᠰᠢᠭᠤ᠂ ᠳᠠᠷᠤᠢ ᠤᠳᠤ ᠶᠢᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠤᠯᠠᠭᠠᠨᠮᠤᠳᠤ ᠶᠢᠨ ᠲᠠᠯ᠎ᠠ ᠨᠤᠳᠤᠭ ᠲᠤ ᠪᠠᠶᠢᠳᠠᠭ ᠠᠴᠠ ᠡᠶᠢᠨ ᠬᠦ ᠨᠡᠷᠡᠶᠢᠳᠴᠠᠢ᠃ ᠲᠡᠷᠡ ᠨᠢ ᠤᠷᠳᠤ ᠬᠤᠭᠤᠴᠠᠭᠠᠨ ᠤ ᠪᠠᠶᠢᠭᠠᠯᠢ ᠶᠢᠨ ᠰᠢᠯᠢᠯᠳᠡ ᠪᠠ ᠮᠠᠯᠴᠢᠳ ᠤᠨ ᠠᠷᠠᠴᠢᠯᠠᠭ᠎ᠠ ᠮᠠᠯᠯᠠᠭ᠎ᠠ ᠪᠠᠷ ᠤᠳᠤ ᠶᠢᠨ ᠰᠢᠯᠢᠳᠡᠭ ᠡᠭᠦᠯᠳᠡᠷ ᠤᠨ ᠬᠤᠨᠢ ᠪᠤᠯᠵᠤ ᠪᠤᠶᠢᠵᠢᠭᠰᠠᠨ ᠶᠤᠮ︾ ᠭᠡᠵᠦ ᠬᠢᠩᠭᠠᠨ ᠠᠶᠢᠮᠠᠭ ᠤᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠤᠨ ᠳᠡᠳ᠋ ᠳᠠᠷᠤᠭ᠎ᠠ ᠯᠢ ᠴᠧᠩ ᠵᠢᠶᠤᠤ ᠲᠠᠨᠢᠯᠴᠠᠭᠤᠯᠵᠤ ᠪᠠᠶᠢᠯ᠎ᠠ᠃      ᠤᠶᠢᠯᠠᠭᠠᠭᠰᠠᠨ ᠢᠶᠠᠷ᠂ ᠵᠠᠰᠠᠭᠳᠤ ᠬᠤᠨᠢ ᠪᠤᠯ ᠬᠢᠩᠭᠠᠨ ᠠᠶᠢᠮᠠᠭ ᠤᠨ ᠤᠯᠠᠭᠠᠨᠮᠤᠳᠤ ᠶᠢᠨ ᠬᠠᠩᠭᠠᠢ ᠨᠤᠳᠤᠭ ᠲᠤ ᠤᠷᠳᠤ ᠬᠤᠭᠤᠴᠠᠭ᠎ᠠ ᠪᠠᠷ ᠤᠷᠤᠰᠢᠨ ᠠᠮᠢᠳᠤᠷᠠᠵᠤ ᠢᠷᠡᠭᠰᠡᠨ ᠮᠢᠬ᠎ᠠ ᠨᠤᠤᠰᠤ ᠶᠢᠨ ᠬᠤᠤᠰ ᠬᠡᠷᠡᠭᠴᠡᠭᠡᠳᠦ ᠮᠤᠩᠭᠤᠯ ᠬᠤᠨᠢ ᠶᠢᠨ ᠨᠢᠭᠡ ᠲᠦᠷᠦᠯ ᠪᠤᠯᠤᠨ᠎ᠠ᠃     ᠲᠤᠰ ᠬᠤᠨᠢ ᠶᠢᠨ ᠨᠢᠷᠤᠭᠤ ᠶᠢᠨ ᠬᠡᠰᠡᠭ ᠤᠨ ᠨᠤᠤᠰᠤ ᠨᠢ ᠴᠠᠭᠠᠨ ᠦᠩᠭᠡ ᠪᠠᠷ ᠭᠤᠤᠯᠯᠠᠵᠤ᠂ ᠬᠤᠰᠢᠭᠤ ᠶᠢᠨ ᠬᠡᠰᠡᠭ ᠪᠠ ᠨᠢᠳᠤ ᠶᠢ ᠨᠢ ᠲᠤᠭᠤᠷᠢᠭᠠᠳ ᠬᠠᠷ᠎ᠠ ᠦᠩᠭᠡ ᠪᠤᠶᠤ ᠪᠤᠷᠤ ᠦᠩᠭᠡ ᠲᠠᠢ᠂ ᠠᠪᠠᠷᠢᠵᠤ ᠮᠠᠴᠤᠬᠤ ᠴᠢᠳᠠᠪᠤᠷᠢ ᠪᠠᠷ ᠰᠠᠶᠢᠨ᠂ ᠳᠠᠭᠠᠭᠠᠴᠠ ᠰᠠᠶᠢᠳᠠᠢ᠂ ᠮᠢᠬ᠎ᠠ ᠨᠢ ᠦᠭᠡᠬᠦ ᠮᠢᠬ᠎ᠠ ᠲᠡᠩᠴᠡᠭᠦᠦ ᠠᠮᠳᠠᠯᠢᠭ ᠰᠠᠶᠢᠬᠠᠨ ᠪᠠᠶᠢᠵᠤ᠂ ᠬᠦᠮᠦᠰ ᠤᠨ ᠳᠠᠭᠠᠰᠢᠶᠠᠯ ᠢ ᠶᠡᠬᠡᠳᠡ ᠤᠯᠵᠤ ᠪᠠᠶᠢᠨ᠎ᠠ᠃ ᠭᠡᠪᠡᠴᠤ ᠦᠩᠭᠡᠷᠡᠭᠰᠡᠨ ᠳᠤ ᠵᠠᠮ ᠨᠡᠪᠳᠡᠷᠡᠯᠭᠡ ᠳᠦᠭᠦᠮ ᠦᠭᠡᠢ᠂ ᠴᠢᠮᠡᠭᠡ ᠬᠤᠯᠪᠤᠭ᠎ᠠ ᠬᠦᠭᠵᠢᠭᠡ ᠦᠭᠡᠢ ᠪᠠᠶᠢᠭᠰᠠᠨ ᠳᠡᠭᠡᠷ᠎ᠠ ᠨᠡᠶᠢᠳᠡᠮ ᠪᠠᠶᠢᠴᠠᠭᠠᠯᠳᠠ ᠬᠢᠬᠦ ᠠᠵᠢᠯᠳᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠨᠢ ᠬᠢᠵᠠᠭᠠᠷᠳᠠᠢ ᠵᠡᠷᠭᠡ ᠨᠦᠬᠦᠴᠡᠯ ᠠᠴᠠ ᠪᠤᠯᠵᠤ᠂ ᠲᠤᠰ ᠬᠤᠨᠢ ᠶᠢ ᠶᠡᠷᠦ ᠨᠢ ᠮᠤᠩᠭᠤᠯ ᠬᠤᠨᠢ ᠭᠡᠵᠦ ᠨᠡᠷᠡᠯᠡᠭᠡᠳ ᠨᠢᠭᠡ ᠬᠡᠮᠵᠢᠶᠡᠨ᠎ᠠ ᠤᠮᠳᠤᠭᠠᠶᠢᠯᠠᠭᠳᠠᠵᠤ ᠪᠠᠶᠢᠪᠠ᠃     2021 ᠣᠨ ᠳᠤ ᠶᠠᠪᠤᠭᠳᠠᠭᠰᠠᠨ ᠪᠦᠬᠦ ᠤᠯᠤᠰ ᠤᠨ ᠭᠤᠷᠪᠠᠳᠤᠭᠠᠷ ᠤᠳᠠᠭ᠎ᠠ ᠶᠢᠨ ᠮᠠᠯ ᠵᠢᠭᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠳᠠ ᠳᠤ ᠬᠢᠩᠭᠠᠨ ᠠᠶᠢᠮᠠᠭ ᠠᠴᠠ ᠠᠶᠢᠮᠠᠭ ᠤᠨ ᠲᠤᠳᠤᠭᠠᠳᠤ ᠭᠠᠳᠠᠭᠠᠳᠦ ᠶᠢᠨ ᠲᠤᠰᠬᠠᠢ ᠮᠡᠷᠭᠡᠵᠢᠯᠳᠡᠨ ᠢ ᠤᠷᠢᠵᠤ ᠲᠤᠬᠠᠢ ᠶᠢᠨ ᠲᠠᠯᠠᠪᠤᠷ ᠲᠤ ᠰᠢᠯᠭᠠᠨ ᠪᠠᠶᠢᠴᠠᠭᠠᠬᠤ ᠶᠢᠨ ᠬᠠᠮᠳᠤ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠬᠠᠶᠢᠵᠤ ᠦᠵᠡᠬᠦ ᠪᠠ ᠮᠠᠯᠴᠢᠳ ᠠᠴᠠ ᠰᠤᠷᠪᠤᠯᠵᠢᠯᠠᠨ ᠠᠰᠠᠭᠤᠬᠤ ᠪᠠᠷ ᠳᠠᠮᠵᠢᠨ ᠲᠤᠰ ᠬᠤᠨᠢ ᠶᠢᠨ ᠲᠡᠦᠬᠡ  ᠶᠢ ᠨᠠᠷᠢᠯᠢᠭ ᠤᠶᠢᠯᠠᠭᠠᠵᠤ᠂ ᠡᠭᠦᠯᠳᠡᠷ ᠢ ᠬᠠᠮᠠᠭᠠᠯᠠᠬᠤ ᠲᠠᠯᠠᠪᠠᠢ ᠪᠠ ᠮᠠᠯᠵᠢᠬᠤ ᠡᠷᠦᠬᠡ ᠪᠠᠷ ᠲᠤᠰ ᠬᠤᠨᠢ ᠶᠢᠨ ᠪᠡᠶ᠎ᠠ ᠭᠠᠯᠪᠢᠷ ᠪᠠ ᠵᠢᠰᠦᠮ᠂ ᠦᠢᠯᠡᠳᠪᠤᠷᠢᠯᠡᠯ ᠤᠨ ᠰᠢᠨᠵᠢ ᠴᠢᠳᠠᠪᠤᠷᠢ ᠵᠡᠷᠭᠡ ᠳᠤ ᠪᠦᠬᠦ ᠲᠠᠯ᠎ᠠ ᠶᠢᠨ ᠰᠢᠰᠲ᠋ᠧᠮ ᠲᠠᠢ ᠰᠢᠯᠭᠠᠨ ᠬᠡᠮᠵᠢᠯᠳᠡ ᠬᠢᠯᠬᠡᠵᠦ᠂ ᠳᠠᠷᠠᠭ᠎ᠠ ᠨᠢ ᠰᠦᠷᠦᠭ ᠤᠨ ᠤᠳᠤᠮᠯᠠᠯ ᠤᠨ ᠪᠦᠲᠦᠴᠡ ᠶᠢᠨ ᠵᠠᠳᠠᠯᠤᠯᠳᠠ ᠪᠠ ᠬᠤᠨᠢᠨ ᠮᠢᠬ᠎ᠠ ᠶᠢᠨ ᠶᠠᠰᠤ ᠴᠢᠨᠠᠷ ᠢ ᠦᠨᠡᠯᠡᠨ ᠳᠤᠭᠳᠠᠭᠠᠬᠤ ᠠᠵᠢᠯ ᠦᠷᠨᠢᠭᠦᠯᠵᠠᠢ᠃ ᠶᠡᠷᠦᠩᠬᠡᠢ ᠳᠤᠨᠢ ᠬᠢᠨᠠᠨ ᠳᠤᠭᠳᠠᠭᠠᠵᠤ ᠬᠠᠷᠢᠴᠠᠭᠤᠯᠬᠤ ᠪᠠᠷ ᠳᠠᠮᠵᠢᠨ ᠲᠤᠰ ᠬᠤᠨᠢ ᠨᠢ ᠪᠤᠰᠤᠳ ᠮᠤᠩᠭᠤᠯ ᠬᠤᠨᠢ ᠠᠴᠠ ᠢᠯᠭᠠᠷᠠᠬᠤ ᠲᠤᠪᠤᠶᠢᠮ᠎ᠠ ᠤᠨᠴᠠᠯᠢᠭ ᠰᠢᠨᠵᠢ ᠲᠠᠢ ᠪᠠᠶᠢᠳᠠᠭ ᠢᠶᠠᠷ ᠤᠯᠤᠰ ᠤᠨ ᠮᠠᠯ ᠵᠢᠭᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠵᠦᠪᠯᠡᠯ ᠠᠴᠠ ᠰᠢᠨ᠎ᠠ ᠲᠦᠷᠦᠯ ᠤᠨ ᠤᠳᠤᠮᠯᠠᠯ ᠤᠨ ᠡᠬᠢ ᠪᠠᠶᠠᠯᠢᠭ ᠢᠶᠠᠷ ᠬᠢᠨᠠᠨ ᠳᠤᠭᠳᠠᠭᠠᠭᠰᠠᠨ ᠪᠠᠶᠢᠨ᠎ᠠ᠃     ᠬᠢᠩᠭᠠᠨ ᠠᠶᠢᠮᠠᠭ ᠲᠤ ᠤᠳᠤ 35.2 ᠲᠦᠮᠡᠨ ᠵᠠᠰᠠᠭᠳᠤ ᠬᠤᠨᠢ ᠲᠠᠢ᠂ ᠲᠤᠰ ᠡᠬᠦᠯᠳᠡᠷ ᠤᠨ ᠬᠤᠨᠢ ᠤᠯᠤᠰ ᠤᠨ ᠤᠳᠤᠮᠯᠠᠯ ᠤᠨ ᠡᠬᠢ ᠪᠠᠶᠠᠯᠢᠭ ᠲᠤ ᠪᠦᠷᠢᠳᠭᠡᠭᠳᠡᠭᠰᠡᠨ ᠨᠢ ᠬᠢᠩᠭᠠᠨ ᠠᠶᠢᠮᠠᠭ ᠤᠨ ᠮᠠᠯ ᠠᠵᠤ ᠠᠬᠤᠢ  ᠶᠢᠨ ᠬᠦᠭᠵᠢᠯᠳᠡ ᠳᠤ ᠰᠢᠨ᠎ᠠ ᠠᠮᠢᠵᠢᠷᠠᠯ ᠤᠨ ᠬᠦᠴᠦᠨ ᠨᠡᠮᠡᠷᠢᠯᠡᠬᠦ ᠨᠢ ᠳᠠᠮᠵᠢᠭ ᠦᠭᠡᠢ᠃ ︽ᠪᠢᠳᠡ ᠵᠠᠰᠠᠭᠳᠤ ᠬᠤᠨᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠠᠵᠢᠯ ᠢ ᠦᠷᠭᠦᠯᠵᠢᠯᠡᠨ ᠰᠠᠶᠢᠳᠦᠷ ᠬᠢᠵᠦ᠂ ᠵᠠᠰᠠᠭᠳᠤ ᠬᠤᠨᠢ ᠶᠢᠨ ᠡᠭᠦᠯᠳᠡᠷ ᠢ ᠬᠠᠮᠠᠭᠠᠯᠠᠬᠤ ᠲᠠᠯᠠᠪᠠᠢ ᠪᠠ ᠡᠭᠦᠯᠳᠡᠷ ᠪᠤᠶᠢᠵᠢᠭᠤᠯᠬᠤ ᠲᠠᠯᠠᠪᠠᠢ ᠶᠢ ᠱᠠᠯᠠᠪᠳᠠᠨ ᠪᠠᠶᠢᠭᠤᠯᠵᠤ ᠲᠡᠭᠦᠯᠳᠡᠷᠵᠢᠭᠦᠯᠤᠨ᠎ᠠ᠃ ᠡᠭᠦᠨ ᠤ ᠬᠠᠮᠳᠤ ᠵᠠᠰᠠᠭᠳᠤ ᠬᠤᠨᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠵᠠᠰᠠᠭᠳᠤ ᠬᠤᠨᠢ ᠶᠢᠨ ᠮᠢᠬ᠎ᠠ ᠶᠢᠨ ᠦᠢᠯᠡᠳᠪᠤᠷᠢᠯᠡᠯ ᠤᠨ ᠰᠠᠭᠤᠷᠢᠨ ᠢ ᠪᠦᠳᠦᠬᠡᠨ ᠪᠠᠶᠢᠭᠤᠯᠵᠤ᠂ ᠵᠠᠰᠠᠭᠳᠤ ᠬᠤᠨᠢ ᠶᠢᠨ ᠮᠢᠬ᠎ᠠ ᠶᠢᠨ ᠲᠦᠷᠦᠯ ᠲᠡᠮᠳᠡᠭ ᠢ ᠡᠭᠦᠳᠤᠨ᠂ ︿ᠡᠭᠦᠯᠳᠡᠷ ᠪᠤᠶᠢᠵᠢᠭᠤᠯᠬᠤ᠂ ᠮᠠᠯᠵᠢᠨ ᠲᠡᠵᠢᠭᠡᠬᠦ ᠂ ᠨᠢᠳᠤᠯᠬᠤ᠂ ᠡᠳ᠋ᠰᠢᠭᠦᠯᠦᠨ ᠪᠤᠯᠪᠠᠰᠤᠷᠠᠭᠤᠯᠬᠤ᠂ ᠪᠤᠷᠤᠯᠠᠭᠤᠯᠬᠤ﹀ ᠵᠡᠷᠭᠡ ᠤᠯᠠᠨ ᠭᠤᠭᠴᠤᠭ᠎ᠠ ᠶᠢ ᠬᠠᠮᠤᠷᠤᠭᠰᠠᠨ ᠦᠢᠯᠡᠳᠪᠤᠷᠢᠯᠡᠯ ᠪᠤᠷᠤᠯᠠᠭᠤᠯᠭ᠎ᠠ ᠶᠢ ᠨᠢᠭᠡ ᠴᠤᠭᠴᠠᠵᠢᠭᠤᠯᠤᠭᠰᠠᠨ ᠰᠢᠰᠲ᠋ᠧᠮ ᠢ ᠪᠠᠶᠢᠭᠤᠯᠵᠤ᠂ ᠵᠠᠰᠠᠭᠳᠤ ᠬᠤᠨᠢ ᠶᠢ ᠬᠢᠩᠭᠠᠨ ᠠᠶᠢᠮᠠᠭ ᠤᠨ ᠬᠤᠨᠢᠨ ᠮᠢᠬ᠎ᠠ ᠶᠢᠨ ᠨᠡᠷᠡᠳᠦ ᠲᠡᠮᠳᠡᠭ ᠪᠤᠯᠭᠠᠨ ᠴᠤᠭᠴᠠᠯᠠᠨ᠎ᠠ︾ ᠭᠡᠵᠦ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ ᠶᠢᠨ ᠳᠠᠷᠤᠭ᠎ᠠ ᠯᠢ ᠵᠧᠨ ᠯᠢᠨ ᠶᠠᠷᠢᠵᠤ ᠪᠠᠶᠢᠯ᠎ᠠ᠃                      ︵︽ᠦᠪᠤᠷ ᠮᠤᠩᠭᠤᠯ ᠤᠨ ᠡᠳᠤᠷ ᠤᠨ ᠰᠤᠨᠢᠨ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号