| ︽ᠵᠠᠰᠠᠭ ᠤᠨ ᠣᠷᠳᠣᠨ ᠤ ᠦᠢᠯᠡᠴᠢᠯᠡᠭᠡ ᠮᠠᠰᠢ ᠳᠣᠲᠣᠨᠣ ᠪᠠᠶᠢᠨ᠎ᠠ᠂ ︿ᠴᠡᠭ ᠠᠴᠠ ᠴᠡᠭ ᠲᠤ ᠬᠦᠷᠭᠡᠬᠦ﹀ | ᠲᠤᠰᠬᠠᠶ ᠲᠡᠷᠭᠡ ᠲᠠᠢ ᠪᠣᠯᠤᠭᠰᠠᠨ ᠠᠴᠠ ᠪᠢᠳᠡ ᠠᠵᠢᠯ ᠤᠨ ᠪᠠᠶᠢᠷᠢ ᠳᠠᠭᠠᠨ ᠪᠤᠴᠠᠬᠤ ᠳᠤ ᠮᠠᠰᠢ ᠳᠥᠭᠦᠮ ᠪᠣᠯᠵᠠᠶ᠂ | ᠰᠢᠨ᠎ᠡ ᠨᠢᠭᠡᠨ ᠵᠢᠯ ᠳᠤ ᠯᠠᠪᠲᠠᠶ ᠴᠢᠷᠮᠠᠶᠢᠨ ᠠᠵᠢᠯᠯᠠᠵᠤ᠂ ᠨᠤᠲᠤᠭ ᠤᠰᠤᠨ ᠤ ᠪᠠᠨ ᠬᠠᠶᠢᠷ᠎ᠠ ᠬᠠᠯᠠᠮᠵᠢ ᠶᠢ | ᠬᠥᠰᠡᠷᠳᠡᠭᠦᠯᠬᠦ ᠦᠭᠡᠶ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠪᠠᠯᠭᠠᠰᠤᠨ ᠤ | ᠪᠡᠭᠡᠵᠢᠩ ᠳᠤ ᠬᠥᠯᠥᠰᠥᠨ ᠠᠵᠢᠯ ᠬᠢᠳᠡᠭ ᠸᠠᠩ ᠠᠢ ᠺᠦᠢ ᠠᠵᠢᠯ ᠤᠨ ᠪᠠᠶᠢᠷᠢ ᠳᠠᠭᠠᠨ ᠪᠤᠴᠠᠬᠤ ᠰᠢᠭᠤᠳ ᠨᠡᠪᠲᠡᠷᠡᠬᠦ | ᠲᠡᠷᠭᠡᠨ ᠳᠤ ᠰᠠᠭᠤᠬᠤ ᠳᠠᠭᠠᠨ ᠰᠡᠳᠬᠢᠯ ᠳᠣᠭᠳᠣᠯᠤᠨ ᠬᠡᠯᠡᠪᠡ᠃ | ᠴᠠᠭᠠᠨ ᠰᠠᠷ᠎ᠠ ᠶᠢᠨ ᠡᠬᠢᠨ ᠳᠤ᠂ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠪᠠ ︽ᠬᠥᠯᠥᠰᠥᠨ | ᠠᠵᠢᠯᠴᠢᠨ ᠢ ᠳᠤᠯᠠᠭᠠᠴᠠᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠨ ︽ | ᠬᠥᠯᠥᠰᠥᠨ ᠠᠵᠢᠯᠴᠢᠨ ᠢ ᠳᠤᠯᠠᠭᠠᠴᠠᠭᠤᠯᠬᠤ︾ ᠠᠵᠢᠯ ᠤᠨ ᠪᠠᠶᠢᠷᠢ ᠳᠠᠭᠠᠨ ᠪᠤᠴᠠᠬᠤ ᠰᠢᠭᠤᠳ ᠨᠡᠪᠲᠡᠷᠡᠬᠦ | ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ︽ᠴᠡᠭ ᠠᠴᠠ ᠴᠡᠭ ᠲᠤ ᠬᠦᠷᠭᠡᠬᠦ︾ ᠦᠢᠯᠡᠴᠢᠯᠡᠭᠡ ᠪᠠᠷ | ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠤᠨ ᠠᠵᠢᠯ ᠤᠨ ᠪᠠᠶᠢᠷᠢ ᠳᠠᠭᠠᠨ ᠪᠤᠴᠠᠬᠤ ᠶᠢ ᠳᠡᠮᠵᠢᠵᠦ᠂ | ᠲᠡᠳᠡᠨ ᠳᠤ ᠨᠤᠲᠤᠭ ᠤᠰᠤᠨ ᠤ ᠪᠠᠨ ᠬᠠᠯᠠᠭᠤᠨ ᠳᠤᠯᠠᠭᠠᠨ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃ | ᠬᠤᠰᠢᠭᠤᠨ ᠤ ᠵᠠᠰᠠᠭ ᠤᠨ ᠣᠷᠳᠣᠨ ᠤ ᠡᠭᠦᠳᠡᠨ ᠡᠮᠦᠨ᠎ᠡ᠂ ᠰᠢᠭᠤᠳ ᠨᠡᠪᠲᠡᠷᠡᠬᠦ ᠲᠡᠷᠭᠡᠨ ᠳᠡᠭᠡᠷ᠎ᠡ ᠢᠯᠡ | ᠲᠣᠳᠣ ᠤᠷᠢᠶ᠎ᠠ ᠯᠣᠽᠦ᠋ᠩ ᠨᠠᠭᠠᠵᠤ᠂ ᠠᠵᠢᠯ ᠤᠨ ᠪᠠᠶᠢᠷᠢ ᠳᠠᠭᠠᠨ ᠪᠤᠴᠠᠬᠤ ᠬᠦᠮᠦᠰ ᠠᠵᠢᠯᠲᠠᠨ ᠤ ᠵᠢᠯᠣᠭᠤᠳᠣᠯᠭ᠎ᠠ | ᠳᠣᠣᠷ᠎ᠠ᠂ ᠠᠶᠠᠨᠴᠢᠳ ᠤᠨ ᠲᠡᠷᠭᠡᠨ ᠳᠤ ᠡᠮᠬᠢ ᠵᠢᠷᠤᠮ ᠲᠠᠢ ᠪᠠᠷ ᠭᠠᠷᠴᠤ ᠪᠠᠶᠢᠯ᠎ᠠ᠃ ᠲᠤᠬᠠᠢ ᠶᠢᠨ ᠲᠠᠯᠠᠪᠠᠢ ᠶᠢᠨ | ᠠᠭᠤᠷ ᠠᠮᠢᠰᠬᠤᠯ ᠬᠦᠷ ᠬᠥᠭᠵᠢᠶᠡᠨ ᠲᠠᠢ ᠪᠥᠭᠡᠳ ᠬᠠᠯᠠᠭᠤᠨ ᠳᠤᠯᠠᠭᠠᠨ ᠪᠠᠶᠢᠵᠤ᠂ ᠠᠵᠢᠯᠲᠠᠳ ᠨᠢᠭᠡ ᠲᠠᠯ᠎ᠠ ᠪᠠᠷ | ᠪᠤᠭᠤᠳᠠᠯ ᠪᠤᠭᠴᠤ ᠶᠢ ᠨᠢ ᠬᠠᠪᠰᠤᠷᠤᠨ ᠵᠥᠭᠡᠭᠡᠵᠦ᠂ ᠨᠦᠬᠦᠭᠡ ᠲᠠᠯ᠎ᠠ ᠪᠠᠷ ᠤᠯᠠᠨ ᠳᠤ ᠠᠶᠠᠨ ᠤ ᠵᠠᠮ ᠳᠠᠭᠠᠨ ᠠᠮᠤᠷ | ᠲᠦᠪᠰᠢᠨ ᠢ ᠠᠩᠬᠠᠷᠬᠤ ᠬᠡᠷᠡᠭᠲᠡᠢ ᠭᠡᠵᠦ ᠰᠠᠨᠠᠭᠤᠯᠤᠨ᠎ᠠ᠃ | ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠠᠵᠢᠯᠲᠠᠳ | ᠬᠥᠯᠥᠰᠥᠨ ᠠᠵᠢᠯ ᠬᠢᠭᠰᠡᠳ ᠤᠨ ᠮᠡᠳᠡᠭᠡ ᠵᠠᠩᠭᠢ ᠶᠢ ᠤᠷᠢᠳᠴᠢᠯᠠᠨ ᠴᠤᠭᠯᠠᠭᠤᠯᠵᠤ᠂ ᠶᠠᠪᠤᠵᠤ ᠰᠠᠭᠤᠬᠤ | ᠬᠡᠷᠡᠭᠴᠡᠭᠡ ᠶᠢ ᠣᠨᠣᠪᠴᠢᠲᠠᠶ ᠡᠵᠡᠮᠰᠢᠨ᠂ ᠵᠠᠮ ᠱᠤᠭᠤᠮ ᠢ ᠨᠠᠷᠢᠨ ᠨᠢᠮᠪᠠᠶ ᠲᠥᠯᠥᠪᠵᠢᠭᠦᠯᠵᠦ᠂ ᠲᠡᠷᠭᠡ ᠬᠥᠰᠬᠡ ᠶᠢ | ᠴᠢᠩᠭ᠎ᠠ ᠰᠢᠯᠢᠨ ᠰᠣᠩᠭᠤᠬᠤ ᠶᠢᠨ ᠬᠠᠮᠲᠤ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠲᠤ ᠤᠤᠭᠤᠬᠤ ᠤᠰᠤ᠂ | ᠢᠳᠡᠭᠡᠨ ᠵᠡᠷᠭᠡ ᠡᠳ᠋ ᠪᠣᠳᠠᠰ ᠢ ᠭᠦᠢᠴᠡᠳ ᠪᠡᠯᠡᠳᠬᠡᠵᠦ ᠥᠭᠭᠦᠭᠰᠡᠨ ᠪᠠᠶᠢᠨ᠎ᠠ᠃ ᠨᠠᠷᠢᠨ ᠵᠦᠢᠯᠡᠰ ᠪᠣᠯᠭᠠᠨ ᠳᠤ | ᠴᠥᠮ ᠬᠥᠯᠥᠰᠥᠨ ᠠᠵᠢᠯ ᠬᠢᠭᠰᠡᠳ ᠲᠤ ᠬᠠᠨᠳᠤᠭᠤᠯᠤᠭᠰᠠᠨ ᠬᠠᠶᠢᠷ᠎ᠠ ᠬᠠᠯᠠᠮᠵᠢ ᠪᠠᠷ ᠳᠦᠭᠦᠷᠡᠩ ᠪᠠᠶᠢᠵᠤ᠂ | ᠲᠡᠳᠡᠨ ᠤ ᠠᠮᠤᠷ ᠲᠦᠪᠰᠢᠨ᠂ ᠲᠠᠭᠠᠯᠠᠮᠵᠢᠲᠠᠢ᠂ ᠳᠥᠭᠦᠮ ᠳᠥᠲᠡ ᠪᠠᠷ ᠠᠵᠢᠯ ᠤᠨ ᠪᠠᠶᠢᠷᠢ ᠳᠠᠭᠠᠨ ᠪᠤᠴᠠᠬᠤ ᠶᠢ | ᠪᠦᠬᠦ ᠲᠠᠯ᠎ᠠ ᠪᠠᠷ ᠪᠠᠲᠤᠯᠠᠵᠠᠢ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠬᠤᠸᠠᠩ ᠭᠠᠩ᠄ ︽ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤ ᠬᠤᠶᠠᠷ ᠪᠦᠯᠦᠭ ᠬᠤᠪᠢᠶᠠᠨ 41 ᠬᠥᠯᠥᠰᠥᠨ ᠠᠵᠢᠯᠴᠢᠨ ᠳᠤ ᠰᠦᠢᠳᠭᠡᠯ ᠬᠤᠷᠢᠶᠠᠬᠤ | ᠥᠬᠡᠶ ᠪᠠᠷ ᠠᠵᠢᠯ ᠤᠨ ᠪᠠᠶᠢᠷᠢ ᠳᠠᠭᠠᠨ ᠪᠤᠴᠠᠬᠤ ᠰᠢᠭᠤᠳ ᠨᠡᠪᠲᠡᠷᠡᠬᠦ ᠲᠡᠷᠭᠡ ᠨᠡᠪᠲᠡᠷᠡᠭᠦᠯᠪᠡ᠃ ᠲᠠᠷᠠᠭᠠᠴᠢ ᠶᠢᠨ | ᠠᠯᠬᠤᠮ ᠳᠤ᠂ ᠦᠷᠭᠦᠯᠵᠢᠯᠡᠨ ᠣᠷᠣᠨ ᠪᠦᠰᠡ ᠶᠢᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠥᠷᠥ ᠶᠢᠨ | ᠪᠣᠳᠣᠯᠭ᠎ᠠ ᠶᠢᠨ ᠳᠡᠮᠵᠢᠯᠭᠡ ᠳᠤ ᠲᠦᠰᠢᠭᠯᠡᠨ᠂ ᠬᠥᠳᠡᠯᠮᠦᠷᠢ ᠦᠢᠯᠡᠴᠢᠯᠡᠭᠡᠨ ᠤ ᠦᠢᠯᠡᠴᠢᠯᠡᠭᠡ ᠶᠢ ᠦᠨᠡᠨ | ᠰᠡᠳᠬᠢᠯ ᠠᠴᠠ ᠪᠠᠨ ᠰᠠᠶᠢᠲᠤᠷ ᠬᠢᠵᠦ᠂ ︿ᠬᠡᠷ ᠤᠨ ᠡᠭᠦᠳᠡ﹀ ᠠᠴᠠ ︿ᠦᠢᠯᠡᠳᠪᠤᠷᠢ ᠶᠢᠨ ᠡᠭᠦᠳᠡ﹀ ᠬᠦᠷᠲᠡᠯᠡᠬᠢ ︿ | ᠴᠡᠭ ᠠᠴᠠ ᠴᠡᠭ ᠲᠤ ᠬᠦᠷᠭᠡᠬᠦ﹀ ᠶᠢ ᠪᠡᠶᠡᠯᠡᠭᠦᠯᠵᠦ᠂ ᠬᠥᠯᠥᠰᠥᠨ ᠠᠵᠢᠯ ᠭᠢᠭᠰᠡᠳ ᠤᠨ ᠭᠠᠳᠠᠭᠰᠢ ᠭᠠᠷᠬᠤ ᠳᠤ | ᠬᠦᠴᠢᠷᠲᠡᠶ᠂ ᠠᠵᠢᠯ ᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠤᠷᠢᠯᠡᠨ᠎ᠡ︾ | ᠭᠡᠵᠡᠶ᠃ | ᠠᠵᠢᠯ ᠤᠨ ᠪᠠᠶᠢᠷᠢ ᠳᠠᠭᠠᠨ ᠪᠤᠴᠠᠬᠤ ᠰᠢᠭᠤᠳ ᠨᠡᠪᠲᠡᠷᠡᠬᠦ ᠲᠡᠷᠭᠡ ᠨᠢ ᠬᠥᠯᠥᠰᠥᠨ ᠠᠵᠢᠯᠴᠢᠨ ᠤ ᠬᠦᠰᠡᠯ | ᠡᠷᠡᠮᠡᠯᠵᠡᠯ ᠢ ᠠᠴᠢᠶᠠᠯᠠᠵᠤ ᠪᠠᠶᠢᠭ᠎ᠠ ᠪᠥᠭᠡᠳ ᠵᠠᠰᠠᠭ ᠤᠨ ᠣᠷᠳᠣᠨ ᠠᠴᠠ ᠲᠡᠳᠡᠨ ᠢ ᠬᠠᠯᠠᠮᠵᠢᠯᠠᠨ ᠰᠠᠨᠠᠭᠠᠯᠵᠠᠵᠤ | ᠪᠠᠶᠢᠭ᠎ᠠ ᠰᠡᠳᠬᠢᠯᠭᠡ ᠶᠢ ᠴᠦ ᠠᠴᠢᠶᠠᠯᠠᠵᠤ ᠪᠠᠶᠢᠭ᠎ᠠ ᠶᠤᠮ᠃ ᠡᠨᠡᠬᠦ ᠰᠡᠳᠬᠢᠯ ᠢ ᠳᠤᠯᠠᠭᠠᠴᠠᠭᠤᠯᠬᠤ ᠵᠠᠮ ᠢᠶᠠᠷ | ᠬᠥᠯᠥᠰᠥᠨ ᠠᠵᠢᠯᠴᠢᠳ ᠨᠤᠲᠤᠭ ᠤᠰᠤᠨ ᠤ ᠪᠠᠨ ᠢᠷᠥᠭᠡᠯ ᠵᠥᠩᠨᠡᠯ ᠢ ᠡᠪᠦᠷᠯᠡᠨ ᠰᠢᠨ᠎ᠡ ᠨᠢᠭᠡ ᠵᠢᠯ ᠤᠨ | ᠲᠡᠮᠡᠴᠡᠯ ᠤᠨ ᠠᠶᠠᠨ ᠳᠠᠭᠠᠨ ᠮᠣᠷᠳᠠᠵᠠᠭᠠᠨᠠ᠃ | |