| 2 ᠰᠠᠷ᠎ᠠ ᠶᠢᠨ 14 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠬᠤᠸᠠᠩ ᠮᠠᠨ ᠯᠢᠶᠠᠩ ᠤᠷᠢᠯᠭ᠎ᠠ ᠪᠠᠷ ᠬᠤᠷᠠᠯ ᠳᠤ ᠣᠷᠣᠯᠴᠠᠵᠤ᠂ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ | ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠠᠮᠲᠤᠪᠠᠷ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ | ᠦᠵᠡᠭᠰᠡᠨ ᠪᠥᠭᠡᠳ 2025 ᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ | ᠤᠨ ᠪᠠᠶᠢᠭᠤᠯᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ | ᠤᠳᠠᠭᠠᠨ ᠤ ᠴᠢᠬᠡᠴᠢ ᠵᠠᠰᠠᠭ ᠤᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠭᠦᠳᠡ ᠬᠤᠷᠠᠯ᠂ ᠥᠪᠡᠷᠲᠡᠭᠡᠨ | ᠵᠠᠰᠠᠬᠤ ᠣᠷᠣᠨ ᠤ ᠴᠢᠬᠡᠴᠢ ᠵᠠᠰᠠᠭ ᠤᠨ ᠠᠵᠢᠯ ᠤᠨ ᠬᠤᠷᠠᠯ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ︵ᠥᠷᠭᠡᠳᠬᠡᠭᠰᠡᠨ︶ ᠬᠤᠷᠠᠯ ᠪᠠ ᠠᠶᠢᠮᠠᠭ ᠤᠨ ᠵᠠᠬᠢᠷᠭ᠎ᠠ ᠶᠢᠨ ᠴᠢᠬᠡᠴᠢ ᠵᠠᠰᠠᠭ ᠤᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ | ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠲᠦᠯᠬᠢᠨ ᠠᠬᠢᠭᠤᠯᠬᠤ ᠬᠠᠷᠢᠭᠤᠴᠠᠯᠭᠠᠲᠤ | ᠰᠡᠳᠬᠢᠯᠭᠡ ᠪᠣᠯᠤᠨ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠴᠢᠩᠭ᠎ᠠ ᠪᠥᠭᠡᠳ | ᠪᠣᠳᠠᠲᠠᠶ ᠪᠠᠷ ᠰᠠᠶᠢᠲᠤᠷ ᠠᠳᠬᠤᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠭᠡᠰᠢᠭᠦᠨ ᠺᠠᠳ᠋ᠷ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ᠂ | ᠢᠯᠵᠠᠷᠠᠯ ᠤᠨ ᠬᠤᠣᠷ ᠬᠥᠨᠥᠭᠡᠯ ᠢ ᠭᠦᠨᠵᠡᠭᠡᠢ ᠲᠠᠨᠢᠨ᠂ ᠢᠯᠵᠠᠷᠠᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ | ᠪᠠᠲᠤ ᠪᠠᠶᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠢᠳᠡᠭᠡᠭᠴᠢ ᠪᠠ ᠦᠢᠯᠡᠳᠦᠯᠭᠡᠵᠢᠭᠦᠯᠦᠭᠴᠢ ᠪᠤᠯᠵᠤ᠂ ᠡᠷᠬᠡ ᠶᠢ ᠠᠷᠠᠳ ᠲᠠᠢ | ᠬᠤᠯᠪᠣᠬᠤ ᠶᠢ ᠪᠠᠲᠤ ᠴᠡᠭᠡᠵᠢᠯᠡᠨ᠂ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠶᠢ ᠡᠷᠡᠰ ᠰᠡᠷᠭᠡᠶᠢᠯᠡᠵᠦ᠂ ᠲᠤᠰ ᠪᠡᠶ᠎ᠡ ᠶᠢᠨ | ᠤᠯᠤᠰ ᠲᠦᠷᠦ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠤᠨ᠂ ᠰᠠᠬᠢᠯᠭ᠎ᠠ | ᠪᠠᠲᠤ ᠶᠢᠨ ᠤᠯᠠᠭᠠᠨ ᠱᠤᠭᠤᠮ ᠢ ᠪᠠᠲᠤ ᠰᠠᠬᠢᠵᠤ᠂ ᠪᠡᠶ᠎ᠡ ᠪᠠᠨ ᠴᠢᠩᠭ᠎ᠠ ᠱᠠᠭᠠᠷᠳᠠᠨ᠂ ᠠᠷᠢᠭᠤᠨ ᠴᠢᠬᠡᠴᠢ ᠪᠠᠷ | ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠣᠯᠠᠨ ᠲᠦᠮᠡᠨ ᠤ ᠠᠩᠬᠠᠷᠤᠯ ᠳᠤ ᠠᠩᠬᠠᠷᠤᠯ ᠢᠶᠠᠨ | ᠲᠥᠪᠯᠡᠷᠡᠭᠦᠯᠵᠦ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢᠨ ᠠᠰᠠᠭᠤᠳᠠᠯ ᠢ ᠰᠢᠢᠳᠪᠤᠷᠢᠯᠡᠬᠦ ᠠᠴᠠ | ᠭᠠᠷᠳᠠᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ᠂ ᠣᠪᠣᠷ ᠰᠤᠷᠲᠠᠯ ᠪᠣᠯᠤᠨ ᠦᠷ᠎ᠡ ᠪᠦᠲᠦᠮᠵᠢ ᠪᠠᠷ ᠲᠥᠪ | ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠵᠤ᠂ ᠬᠡᠷᠡᠭ ᠢ ᠰᠢᠢᠳᠪᠦᠷᠢᠯᠡᠬᠦ ᠶᠢ | ᠴᠢᠩᠭᠠᠳᠬᠠᠨ᠂ ᠵᠡᠭᠦᠨ ᠪᠠᠷᠠᠭᠤᠨ ᠣᠷᠣᠨ ᠢᠶᠠᠷ ᠢᠶᠠᠨ ᠬᠠᠮᠵᠢᠯᠴᠠᠬᠤ᠂ ᠳᠡᠭᠡᠳᠦ ᠳᠤᠤᠷᠠᠳᠤ ᠱᠠᠳᠤ ᠪᠠᠷ ᠢᠶᠠᠨ | ᠬᠤᠯᠪᠣᠭᠠᠯᠠᠨ ᠬᠥᠳᠡᠯᠦᠯᠴᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠪᠠᠶᠢᠳᠠᠯ ᠢ ᠪᠤᠢ ᠪᠣᠯᠭᠠᠵᠤ᠂ ᠴᠡᠭᠴᠡᠯᠡᠨ | ᠵᠠᠰᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠠᠮᠲᠤ᠂ ᠨᠠᠮ ᠤᠨ ᠭᠡᠰᠢᠭᠦᠨ ᠤᠳᠤᠷᠢᠳᠬᠤ | ᠺᠠᠳ᠋ᠷ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠷᠡᠭ ᠢᠶᠠᠷ | ᠵᠠᠰᠠᠬᠤ ᠶᠢ ᠠᠬᠢᠭᠤᠯᠬᠤ ᠶᠢ ᠭᠦᠨᠵᠡᠭᠡᠶᠢᠷᠡᠭᠦᠯᠤᠨ᠂ ᠥᠪᠡᠷ ᠢ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ | ᠴᠢᠩᠭ᠎ᠠ ᠡᠭᠦᠷᠭᠡᠯᠡᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ | ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠬᠤᠪᠢ ᠬᠥᠮᠦᠨ᠂ ᠵᠣᠬᠢᠶᠠᠨ ᠪᠠᠶᠢᠭᠤᠯᠤᠯᠲᠠ᠂ | ᠭᠡᠷ ᠪᠦᠯᠢ ᠵᠡᠷᠭᠡ ᠲᠠᠯ᠎ᠠ ᠠᠴᠠ ᠭᠦᠨᠵᠡᠭᠡᠢ ᠲᠤᠩᠭᠠᠨ ᠪᠣᠳᠣᠯᠬᠢᠯᠠᠵᠤ᠂ ᠤᠯᠤᠰ ᠲᠦᠷᠦ ᠶᠢ ᠡᠷᠬᠢᠮᠯᠡᠬᠦ ᠶᠢ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠳᠤ ᠲᠤᠭᠤᠰᠢᠯᠠᠭᠤᠯᠤᠨ᠂ ᠰᠢᠰᠲ᠋ᠧᠮᠲᠦ ᠰᠡᠳᠬᠢᠬᠦᠢ ᠶᠢ | ᠪᠠᠷᠢᠮᠲᠠᠯᠠᠨ ︽ᠭᠤᠷᠪᠠᠨ ᠢᠯᠵᠠᠷᠠᠬᠤ ᠦᠭᠡᠢ︾ ᠶᠢ ᠠᠬᠢᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ | ᠬᠡᠷᠡᠭᠵᠢᠭᠦᠯᠬᠦ ᠪᠠ ᠲᠦᠷᠦ ᠶᠢᠨ ᠪᠤᠳᠤᠯᠭ᠎ᠠ ᠠᠷᠭ᠎ᠠ ᠪᠤᠳᠤᠯᠭ᠎ᠠ ᠶᠢ ᠠᠮᠢᠳᠤᠯᠢᠭ ᠢᠶᠠᠷ ᠬᠡᠷᠡᠭᠯᠡᠬᠦ ᠶᠢ ᠣᠷᠭᠠᠨᠢᠭ ᠢᠶᠠᠷ | ᠨᠢᠭᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ | ᠠᠳᠬᠤᠬᠤ ᠬᠡᠷᠡᠭᠲᠡᠢ᠃ ᠯᠠᠪᠳᠠᠭᠤᠨ ᠪᠠᠲᠤᠲᠠᠶ ᠪᠠᠷ ᠬᠠᠲᠠᠭᠤᠵᠢᠯᠲᠠᠶ ᠠᠵᠢᠯᠯᠠᠵᠤ᠂ ᠪᠡᠷᠬᠡ ᠶᠢ ᠲᠠᠪᠠᠨ ᠪᠤᠭᠤᠮᠳᠠ | ᠰᠢᠪᠳᠤᠯᠵᠤ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠨ᠂ | ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠶᠢ ᠴᠥᠬᠦᠷᠡᠰᠢ ᠦᠭᠡᠢ ᠪᠠᠷᠢᠮᠲᠠᠯᠠᠨ᠂ ᠪᠦᠭᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ | ᠰᠥᠩ ᠱᠠᠨ᠂ ᠬᠤᠰᠢᠭᠤᠨ ᠤ ᠤᠳᠤᠷᠢᠳᠤᠯᠭ᠎ᠠ ᠨᠢᠦ ᠶᠤᠸᠠᠨ᠂ ᠯᠢᠦ ᠢᠦᠶ ᠪᠥᠸᠧ᠂ ᠮᠠ ᠨᠢᠩ᠂ ᠯᠢ ᠶᠣᠣ ᠵᠢᠶᠧ᠂ | ᠸᠠᠩ ᡁᠢ ᠪᠢᠶᠤᠤ᠂ ᠵᠢᠶᠠᠩ ᠪᠸᠢ ᠫᠢᠩ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ | ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ︵ᠲᠥᠪ︶ | ᠶᠢᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ |