| ᠵᠠᠮ ᠬᠠᠷᠢᠯᠴᠠᠭᠠᠨ ᠤ ᠠᠶᠦᠯ ᠡ᠊ᠨᠳᠡᠯ ᠭᠠᠷᠬᠤ ᠶᠢ ᠤᠷᠢᠳᠴᠢᠯᠠᠨ ᠰᠡᠷᠬᠡᠶᠢᠯᠡᠵᠦ᠂ ᠬᠠᠷᠢᠶ᠎ᠠ ᠤᠷᠤᠨ ᠤ ᠵᠠᠮ | ᠬᠠᠷᠢᠯᠴᠠᠭᠠᠨ ᠤ ᠠᠮᠦᠷ ᠲᠦᠪᠰᠢᠨ ᠤ ᠲᠤᠬᠳᠠᠭᠤᠨ ᠪᠠᠶᠢᠳᠠᠯ ᠢ ᠪᠠᠳᠦᠯᠠᠬᠤ ᠶᠢᠨ ᠲᠦᠯᠦᠬᠡ᠂ ᠤᠶᠢᠷ᠎ᠠ ᠶᠢᠨ ᠡᠳᠦᠷ | ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ | ᠠᠩᠬᠢ ᠶᠢᠨ ᠬᠢᠨ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠭᠤᠯᠭ᠎ᠠ ᠶᠢ ᠠᠵᠦ ᠠᠬᠤᠶᠢᠯᠠᠯ᠂ ᠬᠦᠳᠡᠭᠡ | ᠲᠤᠰᠬᠤᠨ ᠳᠤ ᠬᠦᠷᠬᠡᠵᠦ᠂ ᠤᠯᠠᠨ ᠲᠦᠮᠡᠨ ᠤ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠮᠰᠠᠷ ᠢ ᠤᠯᠠᠮ ᠨᠢᠬᠡ | ᠠᠯᠬᠤᠮ ᠲᠡᠭᠡᠭᠰᠢᠯᠡᠬᠦᠯᠵᠦ᠂ ᠠᠮᠦᠷ ᠲᠦᠪᠰᠢᠨ ᠵᠠᠮ ᠬᠠᠷᠢᠯᠴᠠᠭᠠᠨ ᠤ ᠤᠷᠴᠢᠨ ᠲᠤᠭᠤᠷᠢᠨ ᠢ ᠪᠦᠷᠢᠯᠳᠦᠬᠦᠯᠦᠭᠰᠡᠨ | ᠪᠠᠶᠢᠨ᠎ᠠ᠃ | ᠶᠡᠭᠡ ᠠᠩᠬᠢ ᠶᠢᠨ ᠺᠠᠳ᠋ᠷ ᠴᠠᠬᠳᠠᠭ᠎ᠠ ᠨᠠᠷ ᠤᠯᠠᠨ ᠲᠦᠮᠡᠨ ᠳᠤ ᠵᠠᠮ ᠬᠠᠷᠢᠯᠴᠠᠭᠠᠨ ᠤ ᠠᠮᠦᠷ ᠲᠦᠪᠰᠢᠨ ᠤ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠨᠢᠭᠤᠷᠳᠡᠨ ᠶᠠᠷᠢᠯᠴᠠᠬᠤ ᠵᠡᠷᠭᠡ ᠬᠡᠯᠪᠡᠷᠢ ᠪᠠᠷ ᠠᠵᠦ ᠠᠬᠤᠶᠢᠯᠠᠯ ᠤᠨ | ᠠᠵᠢᠯᠳᠠᠨ᠂ ᠬᠦᠳᠡᠭᠡ ᠲᠤᠰᠬᠤᠨ ᠮᠠᠯᠵᠢᠬᠤ ᠤᠷᠤᠨ ᠤ ᠵᠢᠯᠤᠭᠤᠴᠢ ᠨᠠᠷ ᠲᠤ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠵᠦ᠂ ᠠᠷᠢᠬᠢ ᠤᠤᠭᠤᠵᠦ ᠲᠡᠷᠭᠡ ᠵᠢᠯᠤᠭᠤᠳᠬᠤ᠂ ᠰᠤᠬᠳᠤᠭᠤ ᠪᠠᠷ ᠲᠡᠷᠬᠡ ᠵᠢᠯᠤᠭᠤᠳᠬᠤ᠂ ᠬᠤᠷᠳᠤᠴᠡ | ᠬᠡᠳᠦᠷᠡᠬᠦ᠂ ᠬᠡᠮᠵᠢᠶ᠎ᠡ ᠠᠴᠠ ᠪᠠᠨ ᠬᠡᠳᠦᠷᠡᠳᠡᠯ᠎ᠡ ᠠᠴᠢᠬᠤ᠂ ᠶᠠᠳᠠᠷᠠᠭ᠎ᠠ ᠲᠠᠢ ᠪᠠᠷ ᠲᠡᠷᠬᠡ ᠵᠢᠯᠤᠭᠤᠳᠬᠤ ᠵᠡᠷᠭᠡ ᠵᠠᠮ | ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠬᠤᠤᠷ ᠬᠦᠨᠦᠬᠡᠯ ᠢ ᠵᠠᠳᠠᠯᠦᠨ | ᠲᠠᠶᠢᠯᠪᠦᠷᠢᠯᠠᠬᠰᠠᠨ ᠪᠠᠶᠢᠨ᠎ᠠ᠃ | ᠶᠡᠭᠡ ᠠᠩᠬᠢ ᠶᠢᠨ ᠬᠢᠨ ᠪᠠᠰᠠ ︽ᠠᠮᠦᠷ ᠲᠦᠪᠰᠢᠨ ᠪᠤᠯᠪᠠᠰᠦᠨ ᠢᠶᠠᠷ ᠠᠶᠠᠯᠠᠬᠤ︾ ᠪᠠᠷ ᠭᠤᠤᠯ ᠰᠡᠳᠤᠪ | ᠪᠤᠯᠭᠠᠵᠦ᠂ ᠬᠦᠳᠡᠭᠡ ᠲᠤᠰᠬᠤᠨ ᠢᠶᠠᠷ ᠬᠦᠨᠵᠡᠬᠡᠶᠢᠷᠡᠨ ︽ᠭᠤᠶᠤ ᠰᠠᠶᠢᠬᠠᠨ ᠬᠦᠳᠡᠭᠡ ᠲᠤᠰᠬᠤᠨ ᠤ ᠠᠶᠠᠯᠠᠯ︾ ᠤᠨ | ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠦ ᠬᠦᠳᠡᠭᠡ ᠲᠤᠰᠬᠤᠨ | ᠮᠠᠯᠵᠢᠬᠤ ᠤᠷᠤᠨ ᠤ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠭᠤᠯᠭ᠎ᠠ ᠶᠢᠨ ᠪᠦᠷᠬᠦᠯᠳᠡ ᠶᠢᠨ ᠬᠡᠪᠴᠢᠶ᠎ᠡ ᠶᠢ | ᠦᠷᠭᠡᠳᠬᠡᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠵᠠᠮ ᠬᠠᠷᠢᠯᠴᠠᠭᠠᠨ ᠤ ᠠᠶᠦᠯ ᠡ᠊ᠨᠳᠡᠯ ᠭᠠᠷᠬᠤ ᠶᠢ ᠪᠦᠬᠦ | ᠬᠦᠴᠦ ᠪᠠᠷ ᠰᠡᠷᠬᠡᠶᠢᠯᠡᠵᠡᠢ᠃ ︵ᠰᠡᠷᠬᠦᠯᠡᠩ︶ |