ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠢᠨ ᠳᠥᠷᠪᠡᠳᠦᠭᠡᠷ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/2/19
     2 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠢᠨ ᠳᠥᠷᠪᠡᠳᠦᠭᠡᠷ ᠬᠤᠷᠠᠯ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠥᠴᠢᠨ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠠᠯ ᠳᠤ ᠣᠷᠣᠯᠴᠠᠵᠤ ᠬᠤᠷᠠᠯ ᠢ ᠡᠷᠭᠢᠯᠡᠪᠡ᠃ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠬᠦᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠡᠷᠭᠡ ᠤᠢᠢᠷ᠎ᠠ ᠶᠢᠨ ᠬᠤᠭᠤᠴᠠᠭᠠᠨ ᠤ ᠬᠠᠮᠢᠶ᠎ᠠ ᠪᠦᠬᠦᠢ ᠵᠢᠭᠠᠪᠤᠷᠢ᠂ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2025 ᠣᠨ ᠤ ︽ᠵᠢᠷᠭᠤᠭᠠᠨ ᠠᠵᠢᠯᠯᠠᠭ᠎ᠠ︾ ᠶᠢᠨ ᠤᠳᠤᠷᠢᠳᠬᠤ ᠳᠤᠭᠤᠶᠢᠯᠠᠩ ᠪᠠ ᠡᠭᠦᠷᠭᠡ ᠶᠢᠨ ᠨᠠᠷᠢᠨ ᠲᠠᠩᠰᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2025 ᠣᠨ ᠤ ︽ᠭᠤᠷᠪᠠᠨ ᠨᠠᠷᠢᠨ ᠲᠠᠩᠰᠠ︾ ᠵᠡᠷᠭᠡ ᠵᠦᠢᠯᠡᠰ ᠢ ᠰᠤᠳᠤᠯᠤᠨ ᠬᠢᠨᠠᠨ ᠵᠥᠪᠯᠡᠪᠡ᠃ ᠬᠤᠰᠢᠭᠤᠨ ᠤ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠮᠲᠤ ᠨᠡᠶᠢᠳᠡ ᠪᠠ ᠬᠤᠪᠢ ᠬᠥᠮᠦᠨ ᠤ ᠭᠠᠪᠢᠶ᠎ᠠ ᠪᠠᠶᠢᠭᠤᠯᠵᠤ ᠬᠥᠬᠢᠭᠦᠯᠦᠨ ᠰᠠᠶᠢᠰᠢᠶᠠᠬᠤ ᠶᠠᠪᠤᠳᠠᠯ ᠢ ᠬᠢᠨᠠᠨ ᠪᠠᠲᠤᠯᠠᠵᠤ᠂ ᠤᠯᠤᠰ ᠤᠨ ᠰᠢᠷ᠎ᠠ ᠪᠤᠷᠴᠠᠭ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠵᠡᠭᠦᠯᠭᠡ ᠶᠢᠨ ᠲᠢᠩᠬᠢᠮ ᠤᠨ ᠵᠢᠷᠤᠭ ᠲᠥᠯᠥᠪᠯᠡᠭᠡ ᠶᠢᠨ ᠲᠥᠰᠦᠯ ᠵᠡᠷᠭᠡ ᠶᠠᠪᠤᠳᠠᠯ ᠢ ᠰᠣᠨᠣᠰᠪᠠ᠃     ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠨ᠂ ᠬᠥᠭᠵᠢᠯᠲᠡ ᠶᠢᠨ ᠰᠠᠭᠤᠷᠢ ᠪᠠᠨ ᠪᠠᠲᠤᠳᠬᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠯᠠᠪᠳᠠᠭᠤᠨ ᠡᠭᠦᠷᠭᠡᠯᠡᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠲᠣᠭᠲᠠᠭᠤᠨ ᠢᠶᠠᠷ ᠦᠷ᠎ᠡ ᠠᠰᠢᠭ ᠢ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠠᠶᠢᠴᠠᠭᠠᠨ ᠴᠡᠭᠴᠡᠯᠡᠬᠦ ᠶᠢ ᠭᠦᠨᠵᠡᠭᠡᠶᠢᠷᠡᠭᠦᠯᠤᠨ᠂ ᠬᠦᠨᠳᠦ ᠶᠡᠭᠡ ᠣᠨᠴᠠ ᠲᠤᠮᠤ ᠡ᠊ᠨᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠵᠤ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠡᠬᠢ ᠡᠭᠦᠰᠦᠯ ᠠᠴᠠ ᠨᠢ ᠠᠷᠢᠯᠭᠠᠬᠤ ᠶᠢ ᠴᠢᠩᠭᠠᠳᠬᠠᠨ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠣᠳᠣᠨ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ︽ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ᠂ ᠰᠣᠳᠣᠨ ᠪᠦᠲᠦᠭᠡᠯ ᠢ ᠠᠳᠬᠤᠬᠤ᠂ ᠪᠥᠬᠦ ᠲᠠᠯ᠎ᠠ ᠶᠢ ᠳᠠᠶᠢᠴᠢᠯᠠᠬᠤ︾ ᠰᠠᠶᠢᠨ ᠣᠷᠴᠢᠯ ᠢ ᠪᠣᠶ ᠪᠣᠯᠭᠠᠬᠤ ᠬᠡᠷᠡᠭᠲᠡᠶ᠃ ᠰᠠᠯᠠᠭ᠎ᠠ ᠮᠥᠴᠢᠷ ᠤᠨ ᠬᠤᠭᠤᠷᠣᠨᠳᠣ ᠪᠠᠨ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠ ᠬᠠᠮᠲᠤᠷᠠᠯᠴᠠᠬᠤ ᠶᠢ ᠴᠢᠩᠭᠠᠳᠬᠠᠵᠤ᠂ ᠤᠷᠤᠨ ᠪᠦᠰᠡ ᠠᠯᠤᠰᠯᠠᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠤᠨ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠡᠬᠢ ᠪᠠᠶᠠᠯᠢᠭ ᠢ ᠨᠡᠶᠢᠳᠬᠡᠬᠦ ᠶᠢ ᠪᠡᠶᠡᠯᠡᠭᠦᠯᠵᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ︽ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ︾ ᠶᠢ ᠦᠷᠬᠦᠯᠵᠢ ᠪᠠᠷᠢᠮᠲᠠᠯᠠᠵᠤ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠤᠨ᠂ ᠴᠢᠬᠤᠯᠠ ᠪᠤᠰᠤ ᠵᠠᠷᠤᠯᠭ᠎ᠠ ᠶᠢ ᠴᠢᠩᠭ᠎ᠠ ᠡᠵᠡᠮᠳᠡᠬᠦ ᠶᠢᠨ ᠬᠠᠮᠲᠤ ᠪᠡᠯᠡ ᠮᠥᠩᠭᠦ᠂ ᠲᠦᠷᠦ ᠶᠢᠨ ᠪᠤᠳᠤᠯᠭ᠎ᠠ ᠵᠡᠷᠭᠡ ᠭᠠᠳᠠᠭᠠᠳᠤ ᠳᠡᠮᠵᠢᠯᠭᠡ ᠶᠢᠨ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠭᠤᠣᠯᠳᠠᠯᠭ᠎ᠠ ᠲᠠᠢ ᠠᠵᠢᠯ ᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号