| ᠲᠠᠷᠢᠶᠠᠯᠠᠩ ᠤᠨ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠲᠠᠷᠢᠶᠠᠯᠠᠩ ᠤᠨ ᠣᠳᠣᠬᠢᠴᠢᠯᠠᠯᠲᠠ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠶᠢᠨ ᠲᠥᠯᠥᠭᠡ᠂ ᠤᠢᠢᠷ᠎ᠠ ᠳᠤ | ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠵᠡᠷᠭᠡ ᠵᠠᠩᠭᠢᠯᠠᠭ᠎ᠠ ᠶᠢᠨ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠤᠨ᠂ ︽ᠰᠢᠨᠵᠢᠯᠡᠬᠦ ᠤᠬᠠᠭᠠᠨ | ᠮᠡᠷᠭᠡᠵᠢᠯ ᠪᠠ ᠲᠦᠷᠦ ᠶᠢᠨ ᠪᠤᠳᠤᠯᠭ᠎ᠠ ᠶᠢ ᠬᠦᠷᠭᠡᠬᠦ︾ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠥᠷᠭᠡᠨ ᠤᠯᠠᠨ ᠲᠠᠷᠢᠶᠠᠴᠢᠨ ᠪᠣᠯᠤᠨ ᠲᠠᠷᠢᠶᠠᠯᠠᠩ ᠤᠨ ᠠᠵᠢᠯ ᠡᠷᠬᠢᠯᠡᠭᠴᠢᠳ ᠲᠤ ᠬᠤᠰᠢᠭᠤᠴᠢ | ᠮᠡᠳᠡᠯᠭᠡ ᠪᠣᠯᠤᠨ ᠪᠣᠳᠠᠲᠤ ᠬᠡᠷᠡᠭᠯᠡᠭᠡᠨ ᠤ ᠲᠦᠷᠦ ᠶᠢᠨ ᠪᠤᠳᠤᠯᠭ᠎ᠠ ᠶᠢ ᠬᠦᠷᠭᠡᠭᠰᠡᠨ ᠪᠠᠶᠢᠨ᠎ᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠷᠭᠠᠰᠤᠳᠠᠢ ᠰᠢᠶᠠᠩ ᠤᠨ ᠶᠦᠩ ᠶᠢᠨ ᠲᠣᠰᠬᠤᠨ ᠳᠤ᠂ | ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠲᠤᠬᠠᠢ ᠶᠢᠨ ᠭᠠᠵᠠᠷ ᠤᠨ ᠲᠠᠷᠢᠶᠠᠯᠠᠩ ᠤᠨ ᠣᠨᠴᠠᠯᠢᠭ ᠲᠠᠢ | ᠤᠶᠠᠯᠳᠤᠭᠤᠯᠤᠨ᠂ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠭᠤᠤᠯ ᠪᠣᠯᠬᠤ ᠲᠠᠷᠢᠮᠠᠯ ᠳᠤ ᠴᠢᠭᠯᠡᠭᠦᠯᠦᠨ ᠳᠠᠷᠢᠬᠤ | ᠮᠡᠷᠭᠡᠵᠢᠯ ᠢ ᠨᠠᠷᠢᠨ ᠲᠠᠶᠢᠯᠪᠤᠷᠢᠯᠠᠵᠤ᠂ ᠲᠣᠰᠬᠤᠨ ᠤ ᠠᠷᠠᠳ ᠪᠣᠯᠤᠨ ᠲᠠᠷᠢᠶᠠᠯᠠᠩ ᠤᠨ ᠠᠵᠤ ᠠᠬᠤᠶᠢᠯᠠᠯ ᠤᠨ | ᠲᠥᠯᠥᠭᠡᠯᠡᠭᠴᠢᠳ ᠲᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠪᠠ᠃ ᠲᠠᠶᠢᠯᠤᠮᠵᠢ ᠳᠤ᠂ ᠲᠤᠰᠬᠠᠢ | ᠮᠡᠷᠭᠡᠵᠢᠯᠲᠡᠨ ᠠᠴᠠ ᠳᠤᠰᠤᠯᠭᠠᠨ ᠤᠰᠤᠯᠠᠬᠤ᠂ ᠰᠦᠷᠴᠢᠨ ᠤᠰᠤᠯᠠᠬᠤ ᠵᠡᠷᠭᠡ ᠥᠨᠳᠥᠷ ᠪᠦᠲᠦᠮᠵᠢᠲᠡᠢ ᠤᠰᠤ | ᠠᠷᠪᠢᠯᠠᠬᠤ ᠤᠰᠤᠯᠠᠯᠲᠠ ᠶᠢᠨ ᠰᠢᠰᠲ᠋ᠧᠮ ᠤᠨ ᠦᠨᠳᠦᠰᠦᠯᠡᠯ ᠪᠣᠯᠤᠨ ᠳᠠᠪᠠᠭᠤᠯᠢᠭ ᠢ ᠨᠠᠷᠢᠨ ᠲᠣᠳᠣᠷᠬᠠᠢ ᠥᠭᠦᠯᠡᠵᠦ᠂ | ᠨᠢᠭᠡᠨᠲᠡ ᠠᠮᠵᠢᠯᠲᠠ ᠲᠠᠢ ᠬᠡᠷᠡᠭᠯᠡᠭᠰᠡᠨ ᠦᠷ᠎ᠡ ᠪᠤᠶᠢᠵᠢᠭᠤᠯᠬᠤ ᠵᠢᠱᠢᠶ᠎ᠡ ᠨᠦᠭᠦᠳ ᠢ ᠵᠢᠭᠰᠠᠭᠠᠵᠤ᠂ ᠲᠣᠰᠬᠤᠨ ᠤ | ᠠᠷᠠᠳ ᠲᠤ ᠤᠳᠤ ᠦᠶ᠎ᠡ ᠶᠢᠨ ᠲᠠᠷᠢᠶᠠᠯᠠᠩ ᠤᠨ ᠮᠡᠷᠭᠡᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠳᠤ ᠠᠪᠴᠢᠷᠠᠭᠰᠠᠨ | ᠯᠤᠲᠤ ᠶᠡᠭᠡ ᠳᠠᠯᠳᠠ ᠬᠦᠴᠦᠨ ᠢ ᠤᠢᠢᠯᠠᠭᠠᠭᠤᠯᠵᠠᠢ᠃ | ᠶᠦᠩ ᠶᠢᠨ ᠲᠣᠰᠬᠤᠨ ᠤ ᠠᠷᠠᠳ ᠵᠦ ᠪᠢᠨ᠄ ︽ᠥᠨᠥᠳᠦᠷ ᠤᠨ ᠮᠡᠷᠭᠡᠵᠢᠯ ᠤᠨ ᠪᠣᠯᠪᠠᠰᠤᠷᠠᠯ ᠢᠶᠠᠷ ᠳᠡᠮᠵᠢᠨ᠂ | ᠪᠢᠳᠡ ᠮᠠᠰᠢ ᠣᠯᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠣᠶᠢᠯᠠᠭᠠᠵᠤ᠂ ᠭᠦᠶᠦᠭᠡᠨ | ᠪᠤᠯᠠᠵᠤ ᠳᠤᠰᠤᠯᠭᠠᠨ ᠤᠰᠤᠯᠠᠬᠤ᠂ ᠰᠢᠯᠢᠳᠡᠭ ᠦᠷ᠎ᠡ ᠶᠢ ᠰᠣᠩᠭᠤᠨ ᠪᠤᠶᠢᠵᠢᠭᠤᠯᠬᠤ ᠵᠡᠷᠭᠡ ᠠᠭᠤᠯᠭ᠎ᠠ ᠨᠢ ᠨᠠᠳᠠ ᠳᠤ | ᠮᠠᠰᠢ ᠶᠡᠭᠡ ᠬᠠᠪᠰᠤᠷᠤᠯᠭ᠎ᠠ ᠪᠣᠯᠤᠭᠰᠠᠨ ᠪᠠᠶᠢᠨ᠎ᠠ︾ ᠭᠡᠵᠦ ᠪᠠᠶᠠᠷᠲᠠᠶ ᠪᠠᠷ ᠰᠤᠷᠪᠤᠯᠵᠢᠯᠠᠭᠴᠢ ᠳᠤ ᠬᠡᠯᠡᠪᠡ᠃ | ᠲᠠᠷᠢᠶᠠᠯᠠᠩ ᠤᠨ ᠮᠡᠷᠭᠡᠵᠢᠯ ᠤᠨ ᠲᠠᠶᠢᠯᠤᠮᠵᠢ ᠬᠢᠬᠦ ᠠᠴᠠ ᠭᠠᠳᠠᠨ᠎ᠠ᠂ ᠠᠵᠢᠯᠲᠠᠳ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠷᠥᠯ ᠵᠦᠢᠯ ᠢᠶᠠᠷ ᠲᠡᠳᠬᠦᠨ ᠳᠡᠮᠵᠢᠬᠦ ᠵᠡᠷᠭᠡ ᠲᠥᠷᠥ ᠶᠢᠨ ᠪᠣᠳᠣᠯᠭ᠎ᠠ ᠶᠢᠨ ᠲᠤᠬᠠᠶ ᠨᠠᠷᠢᠨ ᠲᠠᠶᠢᠯᠤᠮᠵᠢ ᠬᠢᠵᠦ᠂ | ᠲᠠᠷᠢᠶᠠᠴᠢᠨ ᠪᠣᠯᠤᠨ ᠲᠠᠷᠢᠶᠠᠯᠠᠩ ᠤᠨ ᠠᠵᠤ ᠠᠬᠤᠶᠢᠯᠠᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠳᠤ ᠣᠷᠣᠯᠴᠠᠬᠤ ᠢᠳᠡᠪᠬᠢᠵᠢᠯ ᠢ ᠬᠥᠭᠵᠢᠭᠡᠪᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠠᠨ ᠰᠢᠶᠤᠤ ᠢᠦᠶ᠄ ︽ᠪᠢᠳᠡ ᠲᠣᠰ ᠤᠳᠠᠭᠠᠨ ᠤ | ᠪᠣᠯᠪᠠᠰᠤᠷᠠᠯ ᠤᠨ ᠠᠩᠭᠢ ᠶᠢ ᠡᠷᠭᠢᠯᠡᠵᠦ ᠪᠠᠶᠢᠭ᠎ᠠ ᠨᠢ ᠲᠠᠷᠢᠶᠠᠴᠢᠨ ᠡᠷᠦᠬᠡ ᠶᠢᠨ ᠲᠠᠷᠢᠶᠠᠯᠠᠩ ᠦᠢᠯᠡᠳᠪᠤᠷᠢᠯᠡᠯ ᠢ | ᠰᠢᠨᠵᠢᠯᠡᠬᠦ ᠤᠬᠠᠭᠠᠨᠴᠢ ᠪᠠᠷ᠂ ᠡᠮᠬᠢ ᠵᠢᠷᠤᠮ ᠲᠠᠢ᠂ ᠵᠦᠶ ᠵᠣᠬᠢᠰᠲᠠᠶ ᠲᠥᠯᠥᠪᠵᠢᠭᠦᠯᠬᠦ ᠶᠢ ᠵᠢᠯᠣᠭᠤᠳᠴᠤ᠂ ᠪᠥᠬᠦ | ᠬᠤᠰᠢᠭᠤᠨ ᠤ ᠲᠠᠷᠢᠶᠠᠯᠠᠩ ᠦᠢᠯᠡᠳᠪᠤᠷᠢᠯᠡᠯ ᠪᠠ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠢ ᠡᠮᠬᠢ | ᠵᠢᠷᠤᠮ ᠲᠠᠢ ᠠᠬᠢᠭᠤᠯᠬᠤ ᠶᠢᠨ ᠲᠥᠯᠥᠭᠡ ᠶᠤᠮ᠃ ᠪᠢᠳᠡ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ | 179 ᠭᠠᠴᠠᠭ᠎ᠠ ᠲᠣᠰᠬᠤᠨ ᠳᠤ ᠰᠢᠨᠵᠢᠯᠡᠬᠦ ᠤᠬᠠᠭᠠᠨ ᠮᠡᠷᠭᠡᠵᠢᠯ ᠪᠠ ᠲᠥᠷᠥ ᠶᠢᠨ ᠪᠣᠳᠣᠯᠭ᠎ᠠ ᠬᠦᠷᠭᠡᠬᠦ | ᠦᠢᠯᠡᠴᠢᠯᠡᠭᠡᠨ ᠤ ᠠᠵᠢᠯᠯᠠᠭ᠎ᠠ ᠦᠷᠨᠢᠭᠦᠯᠬᠦ ᠪᠤᠯᠤᠨ᠎ᠠ︾ ᠭᠡᠵᠡᠶ᠃ |