| 2024 ᠣᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 1 — 12 ᠳ᠋ᠤᠭᠠᠷ ᠰᠠᠷ᠎ᠠ ᠳᠤ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢᠨ ᠠᠳᠠᠯᠢ | ᠬᠤᠭᠤᠴᠠᠭᠠᠨ ᠤ ᠬᠢ ᠠᠴᠠ 7.6% ᠪᠠᠷ ᠨᠡᠮᠡᠭᠳᠡᠵᠦ᠂ ᠪᠥᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ ᠶᠢᠨ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠪᠡ᠃ ᠦᠷᠭᠦᠯᠵᠢᠯᠡᠨ | ᠨᠡᠮᠡᠭᠳᠡᠬᠦ ᠬᠠᠨᠳᠤᠰᠢ ᠶᠢ ᠪᠠᠲᠤᠯᠠᠵᠤ᠂ ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠷᠠᠯᠵᠢᠶᠠᠨ ᠤ ᠠᠵᠤ | ᠠᠬᠤᠶ ᠶᠢᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠵᠤ᠂ ᠮᠠᠨ ᠤ ᠬᠤᠰᠢᠭᠤᠨ ᠤ ᠭᠤᠷᠪᠠᠳᠤᠭᠠᠷ ᠠᠵᠤ | ᠦᠢᠯᠡᠰ ᠤᠨ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠪᠦᠲᠦᠮᠵᠢᠲᠡᠶ ᠪᠠᠷ ᠳᠠᠶᠢᠴᠢᠯᠠᠪᠠ᠃ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠰᠠᠨ ᠪᠥᠬᠦ ᠲᠤᠭ᠎ᠠ ᠶᠢ ᠬᠡᠷᠡᠭᠯᠡᠭᠡᠨ ᠤ ᠬᠡᠯᠪᠡᠷᠢ ᠪᠠᠶᠢᠳᠠᠯ ᠢᠶᠠᠷ ᠨᠢ | ᠬᠤᠪᠢᠶᠠᠵᠤ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 50.7% ᠪᠠᠷ ᠨᠡᠮᠡᠭᠳᠡᠪᠡ᠃ | ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠠᠸᠠᠷ ᠤᠨ ᠲᠥᠷᠥᠯ ᠤᠨ | ᠥᠷᠲᠡᠭ ᠢᠶᠠᠷ ᠬᠤᠪᠢᠶᠠᠪᠠᠯ᠂ ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 7.8% ᠪᠠᠷ | ᠨᠡᠮᠡᠭᠳᠡᠪᠡ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 112.4% ᠪᠠᠷ | ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ ᠶᠡᠭᠡ ᠬᠡᠮᠵᠢᠶ᠎ᠡ ᠪᠠᠷ | ᠨᠡᠮᠡᠭᠳᠡᠭᠰᠡᠨ ᠨᠢ ᠵᠠᠬ᠎ᠠ ᠳᠡᠯᠭᠡᠭᠦᠷ ᠤᠨ ᠬᠠᠨᠳᠤᠰᠢ ᠪᠠ ᠬᠤᠳᠠᠯᠳᠤᠨ ᠠᠪᠬᠤ ᠬᠡᠷᠡᠭᠴᠡᠭᠡ ᠳᠤ ᠨᠡᠶᠢᠴᠡᠪᠡ᠃ |