ᠰᠦ ᠶᠢᠨ ᠦᠨᠥᠷ ᠬᠠᠨᠭ᠍ᠬᠤᠯᠤᠭᠰᠠᠨ ᠦᠭᠡᠳᠡᠷᠬᠡᠭ ᠥᠢᠯᠡᠰ
ᠨᠡᠶᠢᠲᠡᠯᠡᠭᠰᠡᠨ ᠴᠠᠭ᠄
2025/2/25
      ︽ᠲᠠᠨ ᠤ ᠵᠠᠬᠢᠭᠰᠠᠨ 100 ᠬᠡᠰᠡᠭ ᠬᠤᠷᠤᠳ ᠪᠠ 50 ᠬᠡᠰᠡᠭ ᠬᠠᠭᠰᠠᠭᠠᠭᠰᠠᠨ ᠦᠷᠥᠮ᠎ᠡ ᠶᠢ ᠴᠢᠨᠢ ᠦᠳᠡ ᠶᠢᠨ ᠬᠤᠶᠢᠨ᠎ᠠ ᠱᠦᠨ  ᠹᠧᠩ ᠲᠦᠷᠭᠡᠨ ᠬᠦᠷᠬᠡᠯᠳᠡ ᠪᠠᠷ ᠶᠠᠪᠤᠭᠤᠯᠤᠶ᠎ᠠ ᠁︾ ᠲᠦᠷᠥᠬᠦᠭᠡᠨ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠤᠯᠠᠮᠵᠢᠯᠠᠯᠳᠥ ᠴᠠᠭᠠᠨ ᠢᠳᠡᠭᠡᠨ ᠤ ᠬᠦᠷᠢᠶᠡᠯᠡᠩ ᠳᠤ ᠪᠠᠶᠢᠷᠢᠯᠠᠭ᠎ᠠ ︽ᠬᠢᠨᠭ᠍ᠭᠠᠨ ᠠᠶᠢᠮᠠᠭ ᠤᠨ ᠳᠤᠷᠠᠰᠤᠮᠵᠢ ᠴᠠᠭᠠᠨ ᠢᠳᠡᠭᠡᠨ ᠤ ᠬᠢᠵᠠᠭᠠᠷᠳᠥ ᠺᠤᠮᠫᠠᠨᠢ︾ ᠶᠢᠨ ᠬᠠᠷᠢᠭᠤᠴᠠᠯᠭᠠᠳᠠᠨ ᠴᠤᠯᠮᠥᠨ ᠤ ᠠᠯᠪᠠᠨ ᠭᠡᠷ ᠲᠤ ᠬᠦᠷᠬᠦ ᠳᠤ᠂ ᠲᠡᠷᠠ ᠪᠡᠭᠡᠵᠢᠩ ᠤᠨ ᠨᠢᠭᠡᠨ ᠲᠤᠮᠤ ᠴᠢᠯᠥᠭᠡᠳᠥ ᠳᠡᠯᠭᠡᠬᠦᠷ ᠤᠨ ᠡᠵᠡᠨ ᠲᠠᠢ ᠸᠢᠴᠠᠲ ᠢᠶᠠᠷ ᠶᠠᠷᠢᠯᠴᠠᠵᠤ ᠪᠠᠶᠢᠯ᠎ᠠ᠃     ᠴᠤᠯᠮᠥᠨ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠳᠤ ᠨᠤᠳᠤᠭᠳᠠᠢ᠂ ᠮᠠᠯᠵᠢᠬᠤ ᠤᠷᠤᠨ ᠳᠤ ᠦᠰᠥᠭᠰᠡᠨ ᠳᠡᠷᠡ᠂ ᠬᠠᠷᠠᠬᠠᠨ ᠪᠠᠭ᠎ᠠ ᠠᠴᠠ ᠪᠠᠨ ᠨᠤᠳᠤᠭ ᠤᠨ ᠳᠤᠮᠤᠴᠤᠤᠯ ᠤᠨ ᠢᠶᠠᠨ ᠤᠯᠠᠮᠵᠢᠯᠠᠯᠳᠥ ᠴᠠᠭᠠᠨ ᠢᠳᠡᠭᠡᠨ ᠬᠢᠬᠦ ᠮᠡᠷᠭᠡᠵᠢᠯ ᠢ ᠨᠢ ᠰᠤᠷᠴᠤ ᠡᠵᠡᠮᠰᠢᠭᠰᠡᠨ ᠪᠦᠭᠡᠳ ᠦᠭᠡᠯᠡᠢ ᠪᠤᠯᠪᠠᠯ ᠦᠪᠠᠷ ᠤᠨ ᠢᠶᠠᠨ ᠭᠡᠰᠡᠨ ᠴᠠᠭᠠᠨ ᠢᠳᠡᠭᠡᠨ ᠤ ᠳᠡᠯᠭᠡᠬᠦᠷ ᠲᠠᠢ ᠪᠤᠯᠤᠨ᠎ᠠ ᠭᠡᠰᠡᠨ ᠬᠦᠰᠡᠯ ᠢ ᠡᠪᠤᠷᠯᠡᠪᠡ᠃ 2022 ᠤᠨ ᠤ 5 ᠰᠠᠷ᠎ᠠ ᠳᠤ ︽ᠬᠢᠨᠭ᠍ᠭᠠᠨ ᠠᠶᠢᠮᠠᠭ ᠤᠨ ᠳᠤᠷᠠᠰᠤᠮᠵᠢ ᠴᠠᠭᠠᠨ ᠢᠳᠡᠭᠡᠨ ᠤ ᠬᠢᠵᠠᠭᠠᠷᠳᠥ ᠺᠤᠮᠫᠠᠨᠢ︾ ᠪᠠᠨ ᠪᠠᠶᠢᠭᠤᠯᠵᠤ᠂ ᠬᠢᠨᠭ᠍ᠭᠠᠨ ᠠᠶᠢᠮᠠᠭ ᠤᠨ ᠠᠩᠬᠠᠳᠤᠭᠠᠷ ᠤᠯᠠᠮᠵᠢᠯᠠᠯᠳᠥ ᠴᠠᠭᠠᠨ ᠢᠳᠡᠭᠡᠨ ᠤ ︽SC︾ ᠢᠳᠡᠭᠡᠨ ᠤ ᠲᠦᠷᠥᠯ ᠥᠢᠯᠡᠳᠪᠤᠷᠢᠯᠡᠬᠦ ᠦᠨᠡᠮᠯᠡᠯ ᠤᠯᠤᠭᠰᠠᠨ ᠠᠵᠤ ᠠᠬᠤᠶᠢᠯᠠᠯ ᠪᠤᠯᠵᠠᠢ᠃ ᠲᠤᠰ ᠺᠤᠮᠫᠠᠨᠢ ᠶᠢᠨ ᠥᠢᠯᠡᠳᠪᠤᠷᠢᠯᠡᠭᠰᠡᠨ ᠴᠠᠭᠠᠨ ᠢᠳᠡᠭᠡᠨ ᠨᠢ ᠪᠦᠬᠦ ᠤᠯᠤᠰ ᠤᠨ ᠵᠠᠬ᠎ᠠ ᠳᠡᠯᠭᠡᠬᠦᠷ ᠵᠢᠴᠢ ᠰᠦᠯᠵᠢᠶᠡᠨ ᠳᠡᠯᠭᠡᠬᠦᠷ ᠲᠤ ᠦᠷᠭᠡᠨ ᠢᠶᠠᠷ ᠪᠤᠷᠤᠯᠠᠭᠤᠯᠤᠭᠳᠠᠵᠤ᠂ ᠮᠠᠰᠢ ᠤᠯᠠᠨ ᠬᠡᠷᠡᠭᠯᠡᠭᠴᠢᠳ ᠤᠨ ᠳᠠᠭᠠᠰᠢᠶᠠᠯ ᠢ ᠬᠦᠷᠳᠡᠭᠰᠡᠨ ᠪᠠᠶᠢᠨ᠎ᠠ᠃ ᠤᠨᠴᠠᠭᠠᠶᠢᠯᠠᠨ ᠳᠤᠷᠠᠳᠤᠭᠤᠰᠢᠳᠠᠢ ᠨᠢ᠂ ᠲᠤᠰ ᠺᠤᠮᠫᠠᠨᠢ ᠶᠢᠨ ᠥᠢᠯᠡᠳᠬᠦᠨ ᠨᠢ ᠠᠭᠠᠷ ᠤᠨ ᠠᠶᠠᠯᠠᠯ ᠤᠨ ᠲᠦᠬᠦᠮ ᠬᠤᠭᠤᠯᠠ ᠪᠠᠷ ᠰᠤᠩᠭᠤᠭᠳᠠᠵᠤ᠂ ᠠᠶᠠᠨᠴᠢᠳ ᠨᠢᠰᠭᠡᠯ ᠳᠡᠭᠡᠷ᠎ᠡ ︽ᠬᠢᠨᠭ᠍ᠭᠠᠨ ᠠᠶᠢᠮᠠᠭ ᠤᠨ ᠳᠤᠷᠠᠰᠤᠮᠵᠢ ᠴᠠᠭᠠᠨ ᠢᠳᠡᠭᠡᠨ︾ ᠭᠡᠬᠦ ᠨᠡᠷᠡᠳᠥ ᠳᠡᠮᠳᠡᠭ ᠢ ᠤᠯᠵᠤ ᠬᠠᠷᠠᠬᠤ ᠪᠤᠯᠵᠠᠢ᠃      ︽ᠬᠢᠨᠭ᠍ᠭᠠᠨ ᠠᠶᠢᠮᠠᠭ ᠤᠨ ᠳᠤᠷᠠᠰᠤᠮᠵᠢ ᠴᠠᠭᠠᠨ ᠢᠳᠡᠭᠡᠨ ᠤ ᠬᠢᠵᠠᠭᠠᠷᠳᠥ ᠺᠤᠮᠫᠠᠨᠢ︾ ᠤᠳᠥ ᠡᠳᠥᠷ ᠪᠦᠷᠢ 8000 ᠭᠠᠷᠤᠢ ᠵᠢᠩ ᠰᠦ ᠥᠢᠯᠡᠳᠪᠤᠷᠢᠯᠡᠵᠤ᠂ ᠤᠯᠠᠮᠵᠢᠯᠠᠯᠳᠥ ᠴᠠᠭᠠᠨ ᠢᠳᠡᠭᠡᠨ ᠥᠢᠯᠡᠳᠪᠤᠷᠢᠯᠡᠬᠦ ᠮᠡᠷᠭᠡᠵᠢᠯ ᠤᠨ ᠰᠠᠭᠤᠷᠢᠨ ᠳᠡᠭᠡᠷ᠎ᠡ ᠤᠳᠥ ᠦᠶ᠎ᠡ ᠶᠢᠨ ᠡᠯᠧᠮᠧᠨ᠋ᠲ ᠢ ᠠᠭᠤᠰᠬᠠᠨ᠂ ᠦᠷᠥᠮ᠎ᠡ ᠬᠠᠪᠴᠢᠭᠤᠯᠤᠭᠰᠠᠨ ᠪᠤᠭᠤᠷᠰᠤᠭ᠂ ᠵᠢᠮᠢᠰ ᠤᠨ ᠱᠦᠬᠦᠰᠥ ᠬᠠᠪᠴᠢᠭᠤᠯᠤᠭᠰᠠᠨ ᠬᠠᠭᠰᠠᠭᠠᠭᠰᠠᠨ ᠦᠷᠥᠮ᠎ᠡ᠂ ᠰᠦ ᠲᠠᠢ ᠰᠢᠬᠢᠷ ᠵᠡᠷᠭᠡ ᠤᠯᠠᠨ ᠲᠦᠷᠥᠯ ᠤᠨ ᠰᠢᠨ᠎ᠡ ᠥᠢᠯᠡᠳᠬᠦᠨ ᠢ ᠵᠠᠬ᠎ᠠ ᠳᠡᠯᠭᠡᠬᠦᠷ ᠲᠤ ᠪᠤᠷᠤᠯᠠᠭᠤᠯᠥᠨ᠂ ︽ᠰᠢᠮ᠎ᠡ ᠳᠡᠵᠢᠭᠡᠯ ᠰᠠᠶᠢᠳᠠᠢ᠂ ᠪᠠᠶᠢᠭᠠᠯᠢᠯᠢᠭ ᠴᠡᠪᠠᠷ ᠠᠮᠳᠠᠳᠠᠢ︾ ᠬᠡᠬᠦ ᠬᠢᠨᠭ᠍ᠭᠠᠨ ᠤ ᠨᠡᠷᠡᠳᠥ ᠳᠡᠮᠳᠡᠭ ᠢ ᠱᠤᠭᠤᠭᠰᠠᠨ ᠪᠠᠶᠢᠨ᠎ᠠ᠃     ᠲᠤᠰ ᠺᠤᠮᠫᠠᠨᠢ 1000 ᠳᠡᠭᠰᠢ ᠲᠦᠷᠪᠡᠯᠵᠢᠨ ᠮᠧᠲᠷ ᠳᠠᠯᠠᠪᠠᠢ ᠶᠢ ᠡᠵᠡᠯᠡᠵᠤ᠂ ᠪᠠᠷᠢᠮᠵᠢᠶᠠᠵᠢᠭᠰᠠᠨ ᠥᠢᠯᠡᠳᠪᠤᠷᠢᠯᠡᠯ ᠤᠨ ᠳᠠᠰᠤᠭ᠂ ᠳᠡᠯᠭᠡᠨ ᠦᠵᠡᠬᠦᠯᠬᠦ ᠳᠠᠰᠤᠭ ᠵᠢᠴᠢ ᠠᠵᠢᠯᠯᠠᠬᠤ ᠳᠠᠰᠤᠭ ᠵᠡᠷᠭᠡ ᠶᠢ ᠨᠢᠭᠡ ᠴᠤᠭᠴᠠᠵᠢᠭᠤᠯᠥᠨ ᠡᠵᠡᠩᠨᠡᠯᠳᠡ ᠬᠢᠵᠤ᠂ ᠺᠤᠮᠫᠠᠨᠢ ᠳᠠᠭᠠᠨ 20 ᠭᠠᠷᠤᠢ ᠠᠵᠢᠯᠳᠠᠨ ᠬᠡᠷᠡᠭᠰᠡᠵᠤ᠂ ᠮᠠᠯᠴᠢᠨ ᠳᠠᠷᠢᠶᠠᠴᠢᠳ ᠲᠤ ᠠᠵᠢᠯ ᠤᠨ ᠪᠠᠶᠢᠷᠢ ᠬᠠᠩᠭᠠᠭᠰᠠᠨ ᠤ ᠬᠠᠮᠳᠥ᠂ ᠦᠪᠠᠷ ᠤᠨ ᠥᠢᠯᠡᠳᠪᠤᠷᠢᠯᠡᠯ ᠤᠨ ᠬᠡᠪᠴᠢᠶ᠎ᠡ ᠪᠠᠨ ᠤᠯᠠᠮ ᠦᠷᠭᠡᠳᠭᠡᠵᠠᠢ᠃ ᠤᠳᠥ ︽ᠬᠢᠨᠭ᠍ᠭᠠᠨ ᠠᠶᠢᠮᠠᠭ ᠤᠨ ᠳᠤᠷᠠᠰᠤᠮᠵᠢ ᠴᠠᠭᠠᠨ ᠢᠳᠡᠭᠡᠨ ᠤ ᠬᠢᠵᠠᠭᠠᠷᠳᠥ ᠺᠤᠮᠫᠠᠨᠢ︾ ᠶᠢᠨ ᠴᠠᠭᠠᠨ ᠢᠳᠡᠭᠡᠨ ᠠᠯᠤᠰ ᠬᠤᠯᠠ ᠪᠡᠭᠡᠵᠢᠩ᠂ ᠱᠠᠩᠬᠠᠢ᠂ ᠲᠢᠶᠠᠨᠵᠢᠨ ᠵᠡᠷᠭᠡ ᠤᠯᠠᠨ ᠭᠠᠵᠠᠷ ᠢᠶᠠᠷ ᠦᠷᠭᠡᠨ ᠢᠶᠠᠷ ᠪᠤᠷᠤᠯᠠᠭᠤᠯᠤᠭᠳᠠᠵᠤ᠂ ᠥᠢᠯᠡᠳᠪᠤᠷᠢᠯᠡᠭᠰᠡᠨ ᠬᠠᠶᠢᠷᠴᠠᠭᠳᠥ ᠪᠡᠯᠡᠭ ᠨᠢ ᠠᠶᠢᠮᠠᠭ ᠤᠨ ᠳᠤᠳᠤᠨ᠎ᠠ ᠭᠠᠳᠠᠨ᠎ᠠ ᠪᠤᠷᠤᠯᠠᠭᠤᠯᠭ᠎ᠠ ᠮᠠᠰᠢ ᠰᠠᠶᠢᠨ ᠪᠠᠶᠢᠵᠤ᠂ ︽ᠬᠢᠨᠭ᠍ᠭᠠᠨ ᠠᠴᠠ ᠢᠷᠡᠯᠳᠡ ᠲᠠᠢ︾᠂ ︽ᠬᠢᠨᠭ᠍ᠭᠠᠨ ᠤ ᠦᠨᠥᠷ ᠠᠮᠳᠠ︾ ᠶᠢᠨ ᠨᠡᠷᠡᠳᠥ ᠳᠡᠮᠳᠡᠭ ᠢ ᠬᠤᠯᠠ ᠤᠶᠢᠷ᠎ᠠ ᠳᠠᠭᠠᠨ ᠨᠡᠷ᠎ᠡ ᠠᠯᠳᠠᠷᠰᠢᠭᠤᠯᠤᠭᠰᠠᠨ ᠪᠠᠶᠢᠨ᠎ᠠ᠃      ︽ᠪᠢ ᠪᠤᠯ ᠮᠠᠯᠵᠢᠬᠤ ᠤᠷᠤᠨ ᠳᠤ ᠦᠰᠥᠭᠰᠠᠨ ᠬᠦᠮᠥᠨ᠂ ᠳᠡᠶᠢᠮᠥ ᠠᠴᠠ ᠤᠷᠤᠨ ᠨᠤᠳᠤᠭ ᠤᠨ ᠢᠶᠠᠨ ᠳᠠᠪᠠᠭᠤᠯᠢᠭ ᠢ ᠪᠠᠳᠠᠷᠠᠭᠤᠯᠥᠨ᠂ ᠬᠡᠷᠡᠭᠯᠡᠭᠴᠢᠳ ᠲᠡᠭᠡᠨ ᠴᠢᠨᠠᠷ ᠰᠠᠶᠢᠳᠠᠢ᠂ ᠰᠢᠮ᠎ᠡ ᠳᠡᠵᠢᠭᠡᠯ ᠦᠨᠳᠥᠷ ᠴᠠᠭᠠᠨ ᠢᠳᠡᠭᠡᠨ ᠠᠮᠳᠠᠯᠠᠭᠤᠯᠬᠤ ᠪᠤᠯ ᠮᠢᠨᠤ ᠬᠦᠰᠡᠯ ᠬᠦᠭᠡᠭᠡᠴᠡᠯᠳᠥᠯ᠃ ᠳᠠᠷᠠᠭᠠᠴᠢ ᠶᠢᠨ ᠠᠯᠬᠤᠮ ᠳᠤ ᠴᠠᠭᠠᠨ ᠢᠳᠡᠭᠡᠨ ᠤ ᠥᠢᠯᠡᠰ ᠢᠶᠠᠨ ᠤᠯᠠᠮ ᠰᠠᠶᠢᠨ ᠬᠦᠭᠵᠢᠬᠦᠯᠥᠨ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠳᠤ ᠦᠴᠥᠭᠡᠨ ᠴᠤ ᠭᠡᠰᠡᠨ ᠦᠪᠡᠷ ᠤᠨ ᠬᠤᠪᠢ ᠨᠡᠮᠡᠷᠢ ᠪᠠᠨ ᠦᠵᠡᠬᠦᠯᠤᠶ᠎ᠡ︾ ᠭᠡᠵᠤ ᠴᠤᠯᠮᠥᠨ ᠰᠤᠷᠪᠤᠯᠵᠢᠯᠠᠭᠴᠢ ᠳᠤ ᠬᠡᠯᠡᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号