ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤ ᠬᠦᠯᠡᠮᠵᠢ ᠳᠤ ᠪᠠᠨ ᠠᠮᠲᠠᠲᠤ ᠬᠡᠮᠬᠡ ᠶᠢᠨ ᠴᠢᠬᠢ ᠪᠤᠶᠢᠵᠢᠭᠤᠯᠵᠤ ᠡᠬᠢᠯᠡᠯ᠎ᠡ
ᠨᠡᠶᠢᠲᠡᠯᠡᠭᠰᠡᠨ ᠴᠠᠭ᠄
2025/2/25
    ︽ᠮᠠᠨ ᠤ ᠲᠣᠰᠬᠤᠨ ᠥᠩᠭᠡᠷᠡᠭᠰᠡᠨ ᠳᠤ ᠲᠠᠷᠢᠶᠠᠨ ᠠᠵᠢᠯ ᠤᠨ ᠰᠡᠯᠡᠭᠦᠦ ᠴᠠᠭ ᠪᠣᠯᠤᠮᠠᠭᠴᠠ ᠬᠢᠬᠦ ᠠᠵᠢᠯ ᠦᠭᠡᠢ ᠂ ᠢᠯᠡᠭᠦᠴᠡ ᠣᠷᠣᠯᠭ᠎ᠠ ᠭᠡᠵᠦ ᠪᠠᠶᠢᠬᠤ ᠦᠭᠡᠢ᠂ ᠤᠳᠤ ᠬᠠᠷᠢᠨ ᠬᠠᠪᠤᠷ ᠪᠣᠯᠤᠮᠠᠭᠴᠠ ᠬᠦᠯᠡᠮᠵᠢ ᠳᠤ ᠴᠢᠬᠢ ᠪᠤᠶᠢᠵᠢᠭᠤᠯᠬᠤ ᠠᠵᠢᠯᠴᠢᠨ ᠡᠯᠰᠡᠵᠦ᠂ ᠪᠢᠳᠡ ᠭᠡᠷ ᠤᠨ ᠡᠭᠦᠳᠡᠨ ᠳᠤ ᠪᠠᠨ ᠬᠥᠯᠥᠰᠥᠨ ᠠᠵᠢᠯ ᠬᠢᠵᠦ ᠤᠷᠤᠯᠭ᠎ᠠ ᠪᠠᠨ ᠨᠡᠮᠡᠭᠳᠡᠭᠦᠯᠵᠦ ᠪᠠᠶᠢᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠠᠷᠠᠳ ᠯᠢ ᠢᠦᠢ ᠰᠢᠶᠠᠩ ᠪᠠᠶᠠᠷ ᠬᠦᠷ ᠲᠠᠢ ᠪᠠᠷ ᠰᠤᠷᠪᠤᠯᠵᠢᠯᠠᠭᠴᠢ ᠳᠤ ᠬᠡᠯᠡᠪᠡ᠃ 2 ᠰᠠᠷ᠎ᠠ ᠶᠢᠨ 20 ᠤ ᠡᠳᠦᠷ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠢᠶᠠᠷ ᠬᠦᠷᠬᠦ ᠳᠤ᠂ ᠶᠠᠭᠠᠷᠠᠯᠲᠠᠢ ᠪᠠᠶᠢᠳᠠᠯ ᠨᠢ ᠨᠢᠳᠦᠨ ᠳᠤ ᠲᠤᠳᠤᠷᠠᠨ᠎ᠠ᠃ ᠬᠦᠷᠢᠶᠡᠯᠡᠩ ᠤᠨ ᠬᠤᠩ ᠪᠥᠸᠧ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠠᠵᠢᠯᠴᠢᠳ ᠠᠮᠲᠠᠲᠤ ᠬᠡᠮᠬᠡ ᠶᠢᠨ ᠦᠷ᠎ᠡ ᠶᠢ ᠪᠤᠶᠢᠵᠢᠭᠤᠯᠵᠤ᠂ ᠰᠢᠨ᠎ᠡ ᠨᠢᠭᠡ ᠵᠢᠯ ᠤᠨ ᠰᠠᠶᠢᠨ ᠬᠤᠷᠢᠶᠠᠯᠲᠠ ᠳᠤ ᠪᠡᠯᠡᠳᠬᠡᠯ ᠬᠢᠵᠦ ᠪᠠᠶᠢᠨ᠎ᠠ᠃    ᠳᠤᠯᠠᠭᠠᠨ ᠬᠦᠯᠡᠮᠵᠢ ᠳᠤ᠂ ᠲᠣᠰᠬᠤᠨ ᠤ ᠠᠷᠠᠳ ᠤᠨ ᠠᠵᠢᠯ ᠤᠨ ᠬᠤᠪᠢᠶᠠᠷᠢᠯᠠᠯ ᠡᠮᠬᠢ ᠳᠢᠭᠯᠢᠮ ᠲᠠᠢ ᠪᠠᠶᠢᠵᠤ᠂ ᠤᠷᠢᠳ ᠢᠶᠠᠷ ᠰᠢᠷᠣᠢ ᠪᠠᠨ ᠳᠡᠭᠰᠢᠯᠡᠵᠦ᠂ ᠳᠠᠷᠠᠭ᠎ᠠ ᠨᠢ ᠠᠮᠲᠠᠲᠤ ᠬᠡᠮᠬᠡ ᠶᠢᠨ ᠦᠷ᠎ᠡ ᠶᠢ ᠰᠢᠮ᠎ᠡ ᠲᠡᠵᠢᠭᠡᠯ ᠲᠠᠢ ᠬᠥᠷᠥᠰᠥᠨ ᠳᠤ ᠲᠠᠷᠢᠵᠤ᠂ ᠲᠠᠷᠠᠭ᠎ᠠ ᠪᠠᠷ ᠨᠢ ᠰᠢᠷᠣᠢ ᠨᠥᠬᠦᠪᠥᠷᠢᠯᠡᠨ ᠲᠡᠭᠰᠢᠯᠡᠵᠦ ᠤᠰᠤᠯᠠᠨ᠎ᠠ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠩ ᠰᠢᠨ ᠲᠣᠰᠬᠤᠨ ᠤ ᠬᠤᠩ ᠪᠥᠸᠧ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠬᠠᠷᠢᠭᠤᠴᠠᠯᠭᠠᠲᠠᠨ ᠶᠠᠩ ᠰᠢᠶᠤᠤ ᠬᠤᠩ᠄ ︽ᠳᠤᠯᠠᠭᠠᠨ ᠬᠦᠯᠡᠮᠵᠢ ᠥᠬᠡᠶ ᠦᠶ᠎ᠡ ᠳᠤ᠂ ᠪᠢᠳᠡᠨ ᠠᠮᠳᠠᠳᠤ ᠬᠡᠮᠬᠡ ᠶᠢᠨ ᠴᠢᠬᠢ ᠬᠤᠳᠠᠯᠳᠤᠨ ᠠᠪᠬᠤ ᠳᠤ 5 ᠲᠦᠮᠡ ᠭᠠᠷᠤᠶ ᠲᠥᠭᠦᠷᠢᠭ ᠵᠠᠷᠤᠴᠠᠭᠤᠯᠳᠠᠭ᠂ ᠡᠨᠡ ᠵᠢᠯ ᠪᠢᠳᠡ ᠥᠪᠡᠷ ᠢᠶᠠᠨ ᠴᠢᠬᠢ ᠪᠤᠶᠢᠵᠢᠭᠤᠯᠵᠤ 3 ᠲᠦᠮᠡ ᠭᠠᠷᠤᠶ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠵᠠᠢ︾ ᠭᠡᠵᠤ ᠬᠡᠯᠡᠪᠡ᠃    ᠣᠶᠢᠯᠠᠭᠠᠭᠰᠠᠨ ᠢᠶᠠᠷ᠂ 3 ᠰᠠᠷ᠎ᠠ ᠶᠢᠨ ᠰᠡᠭᠦᠯᠴᠢ ᠪᠠᠷ ᠬᠤᠩ ᠰᠢᠨ ᠲᠣᠰᠬᠤᠨ ᠤ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠤᠨ ᠬᠤᠩ ᠪᠥᠸᠧ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠠᠮᠲᠠᠲᠤ ᠬᠡᠮᠬᠡ ᠶᠢᠨ ᠴᠢᠬᠢ ᠪᠤᠶᠢᠵᠢᠭᠤᠯᠬᠤ ᠠᠵᠢᠯ ᠳᠠᠭᠤᠰᠴᠤ᠂ 20 ᠮᠥ ᠠᠮᠲᠠᠲᠤ ᠬᠡᠮᠬᠡ ᠶᠢᠨ ᠴᠢᠬᠢ ᠶᠢᠨ ᠪᠤᠶᠢᠵᠢᠭᠤᠯᠤᠯᠲᠠ ᠨᠢ ᠵᠢᠱᠢᠯᠲᠡ ᠪᠠᠷ 40 ᠲᠦᠮᠡᠨ ᠲᠥᠭᠦᠷᠢᠭ ᠣᠷᠴᠢᠮ ᠤᠨ ᠪᠥᠬᠦ ᠣᠷᠣᠯᠭ᠎ᠠ ᠶᠢ ᠪᠡᠶᠡᠯᠡᠬᠦᠯᠬᠦ ᠪᠣᠯᠤᠨ᠎ᠠ᠃ ᠲᠤᠬᠠᠶ ᠶᠢᠨ ᠭᠠᠵᠠᠷ ᠤᠨ 30 ᠭᠠᠷᠤᠶ ᠠᠷᠠᠳ ᠲᠠᠷᠢᠶᠠᠯᠠᠩ ᠤᠨ ᠲᠠᠯᠠᠪᠠᠶ ᠳᠤ ᠢᠷᠡᠵᠦ ᠬᠥᠯᠥᠰᠥᠨ ᠠᠵᠢᠯ ᠬᠢᠵᠦ᠂ ᠬᠥᠮᠦᠨ ᠪᠦᠷᠢ ᠡᠳᠦᠷ ᠲᠤ 120 ᠲᠥᠭᠦᠷᠢᠭ ᠤᠨ ᠣᠷᠣᠯᠭ᠎ᠠ ᠣᠯᠵᠤ᠂ 1 ᠰᠠᠷ᠎ᠠ ᠶᠢᠨ ᠳᠠᠷᠠᠭ᠎ᠠ 4000 ᠲᠥᠭᠦᠷᠢᠭ ᠤᠨ ᠣᠷᠣᠯᠭ᠎ᠠ ᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号