ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2025 ᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/2/25
    2 ᠰᠠᠷ᠎ᠠ ᠶᠢᠨ 21 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2025 ᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠶᠠᠩ ᠤᠯᠠᠭᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ 2024 ᠣᠨ ᠤ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠪᠣᠯᠤᠨ ᠪᠦᠬᠦ ᠣᠷᠣᠨ᠂ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ᠂ 2025 ᠣᠨ ᠤ ᠪᠥᠬᠦ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠲᠥᠪ ᠬᠤᠷᠢᠶ᠎ᠠ᠂ ᠣᠷᠣᠨ᠂ ᠠᠶᠢᠮᠠᠭ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦᠳᠡ ᠬᠤᠷᠠᠯ ︵ᠥᠷᠭᠡᠳᠬᠡᠭᠰᠡᠨ ᠬᠤᠷᠠᠯ︶ ᠤᠨ ᠵᠣᠷᠢᠭ ᠰᠠᠨᠠᠭ᠎ᠠ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠬᠡᠴᠢ ᠵᠠᠰᠠᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠭᠰᠠᠨ ᠬᠠᠮᠢᠶ᠎ᠠ ᠪᠥᠬᠦᠶ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ 2024 ᠣᠨ ᠤ ᠬᠠᠷᠠᠯᠲᠠᠲᠤ ᠬᠠᠮᠢᠶᠠᠷᠤᠯᠲᠠ ᠶᠢᠨ 27 ᠲᠡᠷᠢᠭᠦᠨ ᠤ ᠨᠢᠭᠡᠴᠢ ᠪᠠ ᠵᠢᠭᠠᠨ ᠰᠤᠷᠭᠠᠯᠲᠠ ᠶᠢᠨ ᠶᠠᠰᠤ ᠴᠢᠨᠠᠷ ᠤᠨ 23 ᠰᠢᠯᠢᠳᠡᠭ ᠰᠤᠷᠭᠠᠭᠤᠯᠢ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠳᠠᠪᠰᠢᠩᠭᠤᠶ ᠰᠤᠷᠭᠠᠭᠤᠯᠢ ᠶᠢ ᠬᠥᠬᠢᠭᠦᠯᠦᠨ ᠰᠠᠶᠢᠰᠢᠶᠠᠪᠠ     ᠬᠤᠷᠠᠯ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠣᠨ ᠤ ᠰᠤᠷᠭᠠᠨ ᠬᠥᠮᠦᠵᠢᠯ ᠤᠨ ᠠᠵᠢᠯ ᠢ ᠡᠷᠭᠢᠴᠡᠭᠦᠯᠦᠨ ᠳ᠋ᠦᠩᠨᠡᠭᠰᠡᠨ ᠪᠥᠭᠡᠳ 2025 ᠣᠨ ᠤ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠵᠠᠶ᠃    ᠬᠤᠷᠠᠯ ᠠᠴᠠ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠣᠳᠣᠬᠠᠨ ᠤ ᠰᠤᠷᠭᠠᠨ ᠬᠥᠮᠦᠵᠢᠯ ᠤᠨ ᠠᠵᠢᠯ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ ᠪᠣᠯᠤᠨ ᠥᠷᠢᠰᠥᠯᠳᠦᠭᠡᠨ ᠢ ᠭᠦᠨᠵᠡᠭᠡᠶ ᠲᠠᠨᠢᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠪᠠᠷ ᠬᠠᠷᠠᠯᠲᠠ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠤᠯ ᠰᠢᠵᠢᠮ ᠪᠣᠯᠭᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠨ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠪᠤᠴᠠ ᠳᠤ ᠪᠦᠬᠦ ᠲᠠᠯ᠎ᠠ ᠪᠠᠷ ᠠᠭᠤᠰᠤᠯᠴᠠᠭᠤᠯᠵᠤ᠂ ︽ᠲᠠᠪᠤᠨ ᠬᠥᠮᠦᠵᠢᠯ︾ ᠢ ᠵᠡᠷᠭᠡᠪᠡᠷ ᠡᠷᠬᠢᠮᠯᠡᠵᠦ ᠬᠥᠮᠦᠨ ᠢ ᠬᠥᠮᠦᠵᠢᠭᠦᠯᠬᠦ ᠰᠢᠰᠲ᠋ᠧᠮ ᠢ ᠪᠠᠶᠢᠭᠤᠯᠵᠤ᠂ ᠪᠦᠬᠦ ᠲᠠᠯ᠎ᠠ ᠪᠠᠷ ᠬᠥᠭᠵᠢᠭᠰᠡᠨ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠬᠡᠷᠡᠭᠲᠡᠢ᠃ ︽ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢᠨ ᠪᠣᠶ ᠪᠣᠯᠬᠤ ᠡᠯ᠎ᠡ ᠭᠤᠭᠴᠤᠭ᠎ᠠ ᠪᠠ ᠶᠠᠪᠤᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠯᠢᠳᠡᠭ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠬᠡᠷᠡᠭᠲᠡᠶ᠃ ᠺᠠᠳ᠋ᠷ ᠤᠨ ᠡᠩᠨᠡᠭᠡ᠂ ᠪᠠᠭᠰᠢ ᠶᠢᠨ ᠡᠩᠨᠡᠭᠡ᠂ ᠬᠢᠨᠠᠨ ᠵᠢᠯᠣᠭᠤᠳᠬᠤ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠪᠠᠲᠤ ᠪᠠᠬᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠵᠢᠭᠠᠨ ᠰᠤᠳᠤᠯᠤᠯᠳᠠ᠂ ᠰᠤᠷᠭᠠᠨ ᠬᠥᠮᠦᠵᠢᠯ ᠤᠨ ᠶᠠᠰᠤ ᠴᠢᠨᠠᠷ ᠤᠨ ᠦᠨᠡᠯᠡᠯᠲᠡ ᠶᠢᠨ ᠰᠢᠰᠲ᠋ᠧᠮ᠂ ᠥᠨᠳᠥᠷ ᠳᠤᠮᠳᠠᠳᠤ ᠶᠢᠨ ᠰᠢᠯᠭᠠᠯᠲᠠ ᠪᠠ ᠰᠢᠨ᠎ᠡ ᠮᠠᠶ᠋ᠢᠭ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠳᠡᠢ ᠰᠢᠯᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠤᠳᠤᠷᠢᠳᠤᠯᠭ᠎ᠠ ᠶᠢᠨ ᠠᠮᠤᠷ ᠲᠦᠪᠰᠢᠨ ᠤ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠶᠢᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠬᠢᠵᠢᠭᠦᠯᠵᠦ᠂ ᠰᠤᠷᠭᠠᠭᠤᠯᠢ ᠶᠢᠨ ᠬᠦᠷᠢᠶᠡᠨ ᠳᠠᠬᠢ ᠣᠷᠴᠢᠨ ᠲᠣᠭᠤᠷᠢᠨ ᠤ ᠲᠣᠭᠲᠠᠭᠤᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠤᠯᠤᠰ ᠲᠥᠷᠥ᠂ ᠪᠠᠭᠰᠢ ᠶᠢᠨ ᠮᠣᠷᠠᠯ᠂ ᠠᠷᠢᠭᠤᠨ ᠴᠢᠬᠡᠴᠢ ᠶᠢᠨ ︽ᠭᠤᠷᠪᠠᠨ ᠬᠤᠷᠢᠭ᠎ᠠ ᠱᠤᠭᠤᠮ︾ ᠢ ᠴᠢᠩᠭ᠎ᠠ ᠰᠠᠬᠢᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠰᠤᠷᠳᠠᠯ ᠴᠢᠬᠡᠴᠢ ᠰᠤᠷᠭᠠᠨ ᠬᠥᠮᠦᠵᠢᠯ ᠤᠨ ᠠᠮᠢ ᠠᠬᠤᠶ ᠶᠢ ᠪᠣᠶ ᠪᠣᠯᠭᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠪᠥᠬᠦ ᠲᠠᠯ᠎ᠠ ᠪᠠᠷ ᠲᠠᠰ ᠳᠡᠪᠰᠢᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号