| 2024 ᠤᠨ ᠤ 11 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠲᠠᠢ | ᠬᠠᠮᠲᠤᠷᠠᠨ ︽ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠶᠢᠷ᠎ᠠ ᠬᠠᠷᠠᠭ᠎ᠠ ᠶᠢ | ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭ᠎ᠠ ᠠᠳᠬᠤᠬᠤ | ᠲᠤᠬᠠᠶ ᠮᠡᠳᠡᠭᠳᠡᠯ︾ ︵︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠡᠤᠬᠡᠳ ᠤᠨ | ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ | ᠵᠠᠩᠭᠢᠯᠠᠭ᠎ᠠ ᠶᠢᠨ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠬᠢᠵᠤ᠂ ᠰᠡᠷᠭᠡᠶᠢᠯᠡᠨ ᠡᠵᠡᠮᠳᠡᠬᠦ | ᠪᠣᠭᠤᠮᠲᠠ ᠶᠢ ᠤᠷᠤᠭᠰᠢ ᠠᠬᠢᠭᠤᠯᠬᠤ ᠶᠢ ᠱᠠᠭᠠᠷᠳᠠᠨ᠂ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠱᠠᠲᠤᠨ ᠤ ᠠᠵᠢᠯ ᠢ | ᠴᠢᠩᠭ᠎ᠠ ᠠᠳᠬᠤᠵᠤ᠂ ᠴᠡᠴᠡᠷᠯᠢᠭ ᠤᠨ ᠬᠡᠤᠬᠡᠳ ᠪᠠ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠶᠢᠷ᠎ᠠ | ᠬᠠᠷᠠᠭ᠎ᠠ ᠲᠠᠢ ᠪᠣᠯᠬᠤ ᠶᠢ ᠪᠦᠲᠦᠮᠵᠢᠲᠡᠶ ᠪᠠᠭᠠᠰᠬᠠᠬᠤ ᠶᠢ ᠴᠢᠩᠭᠠᠳᠬᠠᠪᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠤᠭ ᠤᠨ ᠰᠢᠨ᠎ᠡ ᠨᠡᠶᠢᠲᠡᠯᠡᠭᠰᠡᠨ | ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠤᠯᠤᠰ ᠤᠨ ᠬᠡᠤᠬᠡᠳ ᠪᠠᠭᠠᠴᠤᠳ ᠵᠠᠯᠠᠭᠤᠴᠤᠳ ᠤᠨ ᠣᠶᠢᠷ᠎ᠠ | ᠬᠠᠷᠠᠭ᠎ᠠ ᠲᠠᠢ ᠪᠤᠯᠤᠭᠰᠠᠠ ᠨᠣᠷᠮ᠎ᠠ 52.7% ᠳᠤ ᠬᠦᠷᠴᠠᠢ᠂ ᠡᠭᠦᠨ ᠳᠤ ᠪᠠᠭ᠎ᠠ ᠰᠤᠷᠭᠠᠭᠤᠯᠢ ᠶᠢᠨ ᠰᠤᠷᠤᠭᠴᠢ | 35.6% ᠶᠢ ᠡᠵᠡᠯᠡᠵᠤ᠂ ᠠᠩᠬ᠎ᠠ ᠳᠤᠮᠳᠠᠳᠤ ᠶᠢᠨ ᠰᠤᠷᠤᠭᠴᠢ 71.1% ᠶᠢ ᠡᠵᠡᠯᠡᠵᠤ᠂ ᠥᠨᠳᠥᠷ | ᠳᠤᠮᠳᠠᠳᠤ ᠶᠢᠨ ᠰᠤᠷᠤᠭᠴᠢ 80.5% ᠶᠢ ᠡᠵᠡᠯᠡᠪᠡ᠃ ᠣᠶᠢᠷ᠎ᠠ ᠶᠢᠨ ᠵᠢᠯ ᠤᠳ ᠲᠤ ᠪᠥᠬᠦ ᠤᠯᠤᠰ ᠤᠨ ᠬᠡᠤᠬᠡᠳ | ᠪᠠᠭᠠᠴᠤᠳ ᠵᠠᠯᠠᠭᠤᠴᠤᠳ ᠤᠨ ᠣᠶᠢᠷ᠎ᠠ ᠬᠠᠷᠠᠭ᠎ᠠ ᠲᠠᠢ ᠪᠤᠯᠤᠭᠰᠠᠠ ᠨᠣᠷᠮ᠎ᠠ ᠶᠡᠷᠦᠩᠬᠡᠶ ᠳᠡᠭᠡᠨ ᠳᠡᠭᠡᠭᠰᠢᠯᠡᠬᠦ | ᠬᠠᠨᠳᠤᠰᠢ ᠲᠠᠢ ᠪᠠᠶᠢᠵᠤ᠂ ᠢᠯᠠᠩᠭᠤᠶ᠎ᠠ ᠪᠠᠭ᠎ᠠ ᠨᠠᠰᠤᠨ ᠤ ᠬᠡᠤᠬᠡᠳ ᠤᠯᠠᠰᠢᠷᠠᠬᠤ ᠪᠠᠶᠢᠳᠠᠯ ᠢᠯᠡᠷᠡᠵᠤ᠂ ᠰᠡᠷᠭᠡᠶᠢᠯᠡᠨ | ᠡᠵᠡᠮᠳᠡᠬᠦ ᠪᠠᠶᠢᠳᠠᠯ ᠲᠠᠶᠢᠮᠤ ᠰᠠᠶᠢᠨ ᠪᠢᠰᠢ ᠪᠠᠶᠢᠨ᠎ᠠ᠃ | ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠲᠠᠢ ᠪᠤᠯᠬᠤ ᠨᠣᠷᠮ᠎ᠠ ᠶᠡᠷᠦᠩᠬᠡᠶ ᠳᠡᠭᠡᠨ ᠳᠡᠭᠡᠭᠰᠢᠯᠡᠭᠰᠡᠨ | ᠪᠠᠶᠢᠳᠠᠯ ᠨᠢ ᠤᠯᠤᠰ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠠᠩᠬᠠᠷᠤᠯ ᠢ ᠶᠡᠬᠡᠳᠡ ᠲᠠᠳᠠᠵᠠᠢ᠃ | 2018 ᠣᠨ ᠤ 8 ᠰᠠᠷ᠎ᠠ ᠳᠤ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠵᠡᠷᠭᠡ ᠨᠠᠢᠮᠠᠨ ᠰᠠᠯᠠᠭ᠎ᠠ ᠮᠥᠴᠢᠷ ᠤᠳ ︽ᠬᠡᠤᠬᠡᠳ ᠪᠠᠭᠠᠴᠤᠳ ᠵᠠᠯᠠᠭᠤᠴᠤᠳ ᠤᠨ ᠣᠶᠢᠷ᠎ᠠ | ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ | ᠬᠡᠤᠬᠡᠳ ᠪᠠᠭᠠᠴᠤᠳ ᠵᠠᠯᠠᠭᠤᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ᠂ ᠣᠶᠢᠷ᠎ᠠ | ᠬᠠᠷᠠᠭ᠎ᠠ ᠲᠠᠢ ᠪᠤᠯᠬᠤ ᠨᠣᠷᠮ᠎ᠠ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠢ ᠵᠠᠰᠠᠭ ᠤᠨ ᠣᠷᠳᠣᠨ ᠤ | ᠠᠵᠢᠯ ᠤᠨ ᠠᠮᠵᠢᠯᠳᠠ ᠪᠦᠲᠦᠮᠵᠢ ᠶᠢ ᠰᠢᠯᠭᠠᠨ ᠬᠢᠨᠠᠬᠤ ᠪᠠ ᠨᠢᠳᠦᠨ ᠤ ᠡᠷᠡᠭᠦᠯ ᠮᠡᠨᠳᠦ ᠶᠢ ᠬᠡᠪ ᠴᠢᠨᠠᠷ ᠤᠨ ᠰᠤᠷᠭᠠᠨ | ᠬᠥᠮᠦᠵᠢᠯ ᠳᠤ ᠣᠷᠣᠭᠤᠯᠤᠨ᠂ ᠬᠡᠤᠬᠡᠳ ᠪᠠᠭᠠᠴᠤᠳ ᠵᠠᠯᠠᠭᠤᠴᠤᠳ ᠤᠨ ᠪᠡᠶ᠎ᠡ ᠰᠡᠳᠭᠢᠯ ᠤᠨ ᠡᠷᠡᠭᠦᠯ ᠮᠡᠨᠳᠦ᠂ | ᠬᠢᠴᠢᠶᠡᠯ ᠰᠤᠷᠤᠯᠭ᠎ᠠ ᠶᠢᠨ ᠳᠠᠷᠤᠭᠠᠰᠤ ᠵᠡᠷᠭᠡ ᠶᠢ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ | ᠴᠢᠨᠠᠷ ᠢ ᠬᠢᠨᠠᠨ ᠬᠡᠮᠵᠢᠵᠦ ᠦᠨᠡᠯᠡᠨ ᠵᠢᠱᠢᠬᠦ ᠰᠢᠰᠲ᠋ᠧᠮ ᠳᠤ ᠣᠷᠣᠭᠤᠯᠵᠠᠢ᠂ ᠬᠡᠤᠬᠡᠳ ᠪᠠᠭᠠᠴᠤᠳ ᠵᠠᠯᠠᠭᠤᠴᠤᠳ ᠤᠨ | ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠲᠦᠪᠰᠢᠨ ᠵᠠᠯᠭᠠᠭ᠎ᠠ ᠪᠠᠷ 3 ᠵᠢᠯ ᠪᠠᠭᠤᠷᠠᠭᠰᠠᠨ ᠪᠤᠯ ᠣᠷᠣᠨ | ᠨᠤᠲᠤᠭ ᠤᠨ ᠵᠠᠰᠠᠭ ᠤᠨ ᠣᠷᠳᠣᠨ ᠪᠠ ᠰᠤᠷᠭᠠᠭᠤᠯᠢ ᠳᠤ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ | ᠨᠡᠬᠡᠮᠵᠢᠯᠡᠨ᠎ᠡ᠃ ᠬᠡᠳᠤᠨ ᠵᠢᠯ ᠤᠨ ᠴᠢᠷᠮᠠᠶᠢᠯᠭ᠎ᠠ ᠪᠠᠷ ᠮᠠᠨ ᠤ ᠤᠯᠤᠰ ᠤᠨ ᠬᠡᠤᠬᠡᠳ ᠪᠠᠭᠠᠴᠤᠳ ᠵᠠᠯᠠᠭᠤᠴᠤᠳ ᠤᠨ | ᠣᠶᠢᠷ᠎ᠠ ᠬᠠᠷᠠᠭ᠎ᠠ ᠲᠠᠢ ᠪᠤᠯᠬᠤ ᠨᠣᠷᠮ᠎ᠠ ᠶᠢ ᠵᠣᠬᠢᠬᠤ ᠬᠡᠮᠵᠢᠶ᠎ᠡ ᠪᠠᠷ ᠬᠤᠷᠢᠭᠯᠠᠭᠰᠠᠨ ᠪᠣᠯᠪᠠᠴᠤ ᠰᠡᠷᠭᠡᠶᠢᠯᠡᠨ ᠡᠵᠡᠮᠳᠡᠬᠦ | ᠠᠵᠢᠯ ᠤᠨ ᠲᠠᠷᠤᠭᠠᠰᠤ ᠮᠦᠨ ᠯᠠ ᠶᠡᠭᠡ ᠪᠠᠶᠢᠨ᠎ᠠ᠃ | ᠲᠣᠰ ᠤᠳᠠᠭᠠᠨ ᠤ ᠰᠤᠷᠭᠠᠨ ᠬᠥᠮᠦᠵᠢᠯ ᠤᠨ ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ ︽ᠮᠡᠳᠡᠭᠳᠡᠯ︾ ᠢ | ᠳᠠᠷᠤᠮᠠᠯᠯᠠᠨ ᠲᠠᠷᠬᠠᠭᠠᠵᠤ᠂ ᠨᠥᠬᠦᠴᠡᠯ ᠪᠦᠷᠢᠯᠳᠦᠭᠦᠯᠵᠦ ᠪᠠᠶᠢᠭᠠᠳ ᠬᠡᠤᠬᠡᠳ ᠪᠠᠭᠠᠴᠤᠳ ᠵᠠᠯᠠᠭᠤᠴᠤᠳ ᠤᠨ | ᠭᠠᠳᠠᠭ᠎ᠠ ᠬᠦᠳᠡᠯᠬᠡᠬᠡᠨ ᠬᠢᠬᠦ ᠴᠠᠭ ᠢ ᠭᠦᠢᠴᠡᠳ ᠪᠠᠲᠤᠯᠠᠬᠤ᠂ ᠬᠡᠷ ᠤᠨ ᠠᠬᠠᠮᠠᠳ ᠤᠨ ᠰᠡᠷᠬᠡᠶᠢᠯᠡᠨ ᠡᠵᠡᠮᠳᠡᠬᠦ | ᠠᠵᠢᠯ ᠢ ᠬᠥᠩᠭᠡᠪᠴᠢᠯᠡᠬᠦ ᠦᠵᠡᠯᠲᠡ ᠶᠢ ᠬᠦᠴᠦᠯᠡᠨ ᠬᠤᠪᠢᠷᠠᠭᠤᠯᠬᠤ᠂ ᠬᠠᠷᠠᠭᠠᠨ ᠰᠡᠷᠡᠯ ᠤᠨ ᠣᠷᠴᠢᠨ ᠲᠣᠭᠤᠷᠢᠨ ᠢ | ᠰᠠᠨᠠᠭᠠᠴᠢᠯᠠᠭ᠎ᠠ ᠠᠴᠠ ᠪᠠᠨ ᠰᠠᠶᠢᠵᠢᠷᠠᠭᠤᠯᠬᠤ᠂ ᠤᠶᠢᠷ᠎ᠠ ᠬᠠᠷᠠᠭᠠᠨ ᠤ ᠡᠷᠡᠭᠦᠯ ᠮᠡᠨᠳᠦ ᠶᠢᠨ ᠬᠥᠮᠦᠵᠢᠯ ᠢ | ᠬᠠᠨᠳᠤᠯᠭᠠᠲᠤ ᠴᠢᠨᠠᠷᠲᠠᠶ ᠪᠠᠷ ᠴᠢᠩᠭᠠᠳᠬᠠᠬᠤ᠂ ᠤᠶᠢᠷ᠎ᠠ ᠬᠠᠷᠠᠭ᠎ᠠ ᠶᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠦᠢᠯᠡᠳᠦᠯ ᠢ ᠴᠢᠩᠭᠠᠳᠬᠠᠬᠤ ᠵᠡᠷᠭᠡ ᠨᠠᠢᠮᠠᠨ ᠵᠦᠢᠯ ᠤᠨ ᠪᠠᠶᠢᠷᠢᠯᠠᠭᠤᠯᠤᠯᠲᠠ ᠬᠢᠵᠦ᠂ | ᠪᠠᠶᠢᠷᠢᠯᠠᠭᠤᠯᠤᠯᠲᠠ ᠨᠢᠭᠡᠪᠦᠷᠢ ᠨᠢ ᠬᠡᠤᠬᠡᠳ ᠪᠠᠭᠠᠴᠤᠳ ᠵᠠᠯᠠᠭᠤᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ | ᠡᠵᠡᠮᠳᠡᠬᠦ ᠳᠤ ᠴᠥᠮ ᠲᠦᠢᠯ ᠤᠨ ᠴᠢᠬᠤᠯᠠ ᠪᠥᠭᠡᠳ ᠪᠠᠰᠠ ᠳᠤᠲᠠᠭᠳᠠᠵᠤ ᠪᠣᠯᠤᠰᠢ ᠥᠬᠡᠶ ᠵᠦᠢᠯ ᠶᠤᠮ᠃ | ︽ᠮᠡᠳᠡᠭᠳᠡᠯ︾ ᠤᠨ ᠨᠢᠭᠡ ᠶᠡᠭᠡ ᠬᠢᠯᠠᠰ ᠴᠡᠭ ᠪᠣᠯ ᠳᠠᠷᠤᠶ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ | ᠰᠡᠷᠭᠡᠶᠢᠯᠡᠨ ᠡᠵᠡᠮᠳᠡᠬᠦ ᠪᠣᠭᠤᠮᠲᠠ ᠶᠢ ᠤᠷᠤᠭᠰᠢ ᠠᠬᠢᠭᠤᠯᠵᠤ᠂ ᠬᠡᠤᠬᠡᠳ ᠤᠨ ᠴᠡᠴᠡᠷᠯᠢᠭ ᠪᠠ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠱᠠᠲᠤᠨ ᠤ | ᠠᠵᠢᠯ ᠢ ᠴᠢᠩᠭ᠎ᠠ ᠮᠦᠷᠳᠡᠭᠡᠨ ᠪᠣᠳᠠᠲᠠᠶ ᠠᠳᠬᠤᠬᠤ ᠬᠡᠷᠡᠭᠲᠡᠶ ᠭᠡᠵᠦ ᠱᠠᠭᠠᠷᠳᠠᠪᠠ᠃ ᠡᠨᠡ ᠬᠦ ᠠᠵᠢᠯ ᠤᠨ ᠰᠡᠳᠭᠢᠴᠠ | ᠮᠠᠰᠢ ᠴᠢᠩᠭ᠎ᠠ ᠬᠠᠨᠳᠤᠯᠭᠠᠳᠤ ᠴᠢᠨᠠᠷ ᠲᠠᠢ᠃ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ | ᠡᠵᠡᠮᠳᠡᠬᠦ ᠳᠤ ᠬᠠᠷᠠᠬᠠᠨ ᠪᠠᠭ᠎ᠠ ᠠᠴᠠ ᠨᠢ ᠡᠬᠢᠯᠡᠨ ᠠᠳᠬᠤᠵᠤ᠂ ᠡᠷᠲᠡ ᠠᠴᠠ ᠠᠳᠬᠤᠵᠤ ᠪᠠᠭ᠎ᠠ ᠠᠴᠠ ᠨᠢ | ᠠᠳᠬᠤᠬᠤ ᠨᠢ ᠣᠶᠢᠷ᠎ᠠ ᠬᠠᠷᠠᠭ᠎ᠠ ᠶᠢ ᠵᠠᠰᠠᠬᠤ ᠳᠤ ᠠᠰᠢᠭᠲᠠᠶ ᠶᠤᠮ᠃ | ᠨᠢᠳᠦ ᠪᠠᠨ ᠬᠠᠶᠢᠷᠠᠯᠠᠬᠤ ᠰᠠᠶᠢᠨ ᠳᠠᠳᠬᠠᠯ ᠢ ᠬᠠᠷᠠᠬᠠᠨ ᠪᠠᠭ᠎ᠠ ᠠᠴᠠ ᠪᠠᠨ ᠬᠥᠮᠦᠵᠢᠭᠦᠯᠵᠦ᠂ ᠢᠳᠡᠪᠬᠢᠲᠡᠶ ᠪᠠᠷ | ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠡᠷᠲᠡᠬᠡᠨ ᠪᠦᠷᠢᠯᠳᠦᠭᠦᠯᠬᠦ ᠬᠡᠷᠡᠭᠲᠡᠶ᠃ ᠴᠥᠭᠡᠨ ᠪᠤᠰᠤ ᠬᠡᠤᠬᠡᠳ ᠪᠠᠭᠠᠴᠤᠳ | ᠵᠠᠯᠠᠭᠤᠴᠤᠳ ᠤᠨ ᠣᠶᠢᠷ᠎ᠠ ᠬᠠᠷᠠᠭ᠎ᠠ ᠲᠠᠢ ᠪᠤᠯᠤᠭᠰᠠᠠ ᠨᠢ ᠳᠠᠷᠤᠢ ᠬᠡᠦᠬᠡᠳ ᠪᠠᠶᠢᠬᠤ ᠦᠶ᠎ᠠ ᠳᠤ ᠳᠠᠯᠳᠠ ᠭᠡᠮ | ᠦᠯᠡᠳᠡᠬᠡᠭᠰᠡᠡ ᠠᠴᠠ ᠪᠣᠯᠵᠠᠢ᠂ ᠵᠢᠱᠢᠶᠡᠯᠡᠪᠡᠯ ᠭᠡᠷ ᠤᠨ ᠠᠬᠠᠮᠠᠳ ᠴᠢᠬᠤᠯᠠᠴᠢᠯᠠᠨ ᠦᠵᠡᠬᠦ ᠦᠭᠡᠢ ᠪᠤᠶᠤ | ᠬᠤᠯᠪᠣᠭᠳᠠᠯ ᠪᠦᠬᠦᠢ ᠮᠡᠳᠡᠯᠭᠡ ᠪᠠᠷ ᠳᠤᠲᠠᠮᠠᠭ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ | ᠬᠡᠲᠦᠷᠬᠡᠢ ᠪᠠᠭᠤᠷᠠᠢ︔ ᠪᠠᠰᠠ ᠵᠠᠷᠢᠮ ᠭᠡᠷ ᠤᠨ ᠠᠬᠠᠮᠠᠳ ᠬᠡᠦᠬᠡᠳ ᠲᠤ ᠬᠡᠳᠤᠷᠬᠡᠢ ᠤᠷᠳᠤ ᠴᠠᠭ ᠢᠶᠠᠷ ᠲᠧᠯᠸᠢᠰ | ᠦᠵᠡᠬᠦᠯᠬᠦ᠂ ᠠᠯᠢ ᠡᠰᠡᠬᠦᠯ᠎ᠠ ᠡᠯᠧᠺᠲᠷᠣᠨ ᠪᠦᠲᠦᠭᠡᠭᠳᠡᠬᠦᠨ ᠢᠶᠠᠷ ︽ᠠᠰᠠᠷᠠᠭᠴᠢ︾ ᠪᠣᠯᠭᠠᠵᠤ ᠰᠤᠷᠭᠠᠬᠰᠠᠠ ᠳᠤ | ᠪᠤᠢ᠃ ᠬᠡᠦᠬᠡᠳ ᠤᠳ ᠬᠡᠷᠪᠡ ᠬᠠᠷᠠᠬᠠᠨ ᠪᠠᠭ᠎ᠠ ᠠᠴᠠ ᠪᠠᠨ ᠨᠢᠳᠦ ᠪᠠᠨ ᠬᠠᠶᠢᠷᠠᠯᠠᠬᠤ ᠰᠠᠶᠢᠨ ᠳᠠᠳᠬᠠᠯ ᠲᠠᠢ ᠪᠤᠯᠬᠤ | ᠦᠭᠡᠢ ᠶᠤᠮ ᠪᠣᠯ ᠬᠡᠦᠬᠡᠳ ᠤᠨ ᠬᠤᠭᠤᠴᠠᠭᠠᠨ ᠳᠤ ᠬᠠᠷᠠᠭ᠎ᠠ ᠨᠢ ᠮᠠᠭᠤᠳᠠᠬᠤ ᠪᠤᠯᠤᠮᠵᠢ ᠲᠠᠢ᠂ ᠳᠤᠮᠳᠠᠳᠤ ᠪᠠᠭ᠎ᠠ | ᠰᠤᠷᠭᠠᠭᠤᠯᠢ ᠶᠢᠨ ᠱᠠᠲᠤᠨ ᠳᠤ ᠣᠷᠣᠭᠠᠳ ᠨᠢᠳᠦᠨ ᠤ ᠳᠠᠷᠤᠯᠲᠠ ᠨᠢ ᠶᠡᠬᠡᠳᠬᠦ ᠳᠤᠰᠤᠮ ᠨᠢᠳᠤ ᠨᠢ ᠠᠶᠠᠨᠳᠠᠭᠠᠨ | ᠨᠡᠩ ᠠᠮᠠᠷᠬᠠᠨ ᠮᠠᠭᠤᠳᠠᠬᠤ ᠪᠤᠯᠤᠨ᠎ᠠ᠃ | ᠭᠤᠷᠪᠠᠨ ᠰᠠᠯᠠᠭ᠎ᠠ ᠮᠥᠴᠢᠷ ᠤᠨ ︽ᠮᠡᠳᠡᠭᠳᠡᠯ︾ ᠤᠨ ᠪᠠᠶᠢᠷᠢᠯᠠᠭᠤᠯᠤᠯᠲᠠ ᠶᠢ ᠰᠠᠶᠢᠲᠤᠷ | ᠨᠠᠶᠢᠳᠠᠪᠤᠷᠢᠵᠢᠭᠤᠯᠬᠤ ᠶᠢᠨ ᠵᠠᠩᠭᠢᠯᠠᠭ᠎ᠠ ᠨᠢ ᠭᠡᠷ ᠤᠨ ᠠᠬᠠᠮᠠᠳ᠂ ᠰᠤᠷᠭᠠᠭᠤᠯᠢ᠂ ᠰᠤᠷᠭᠠᠨ ᠬᠥᠮᠦᠵᠢᠯ ᠤᠨ ᠰᠠᠯᠠᠭ᠎ᠠ | ᠮᠥᠴᠢᠷ ᠵᠡᠷᠭᠡ ᠡᠯ᠎ᠡ ᠲᠠᠯ᠎ᠠ ᠶᠢᠨ ᠬᠢᠨ ᠦᠨᠡᠨ ᠬᠦ ᠴᠢᠬᠤᠯᠠᠴᠢᠯᠠᠨ ᠦᠵᠡᠬᠦ ᠳᠤ ᠪᠠᠶᠢᠵᠤ᠂ ᠬᠡᠤᠬᠡᠳ ᠪᠠᠭᠠᠴᠤᠳ | ᠵᠠᠯᠠᠭᠤᠴᠤᠳ ᠤᠨ ᠣᠶᠢᠷ᠎ᠠ ᠬᠠᠷᠠᠭ᠎ᠠ ᠶᠢᠨ ᠠᠰᠠᠭᠤᠳᠠᠯ ᠨᠢ ᠨᠢᠭᠡᠨᠲᠡ ᠲᠣᠪᠤᠶᠢᠮ᠎ᠠ ᠰᠤᠷᠭᠠᠨ ᠬᠥᠮᠦᠵᠢᠯ ᠤᠨ | ᠠᠰᠠᠭᠤᠳᠠᠯ ᠪᠠ ᠨᠠᠰᠤᠨ ᠳᠤ ᠥᠯᠥ ᠭᠦᠷᠦᠭᠰᠡᠳ ᠤᠨ ᠦᠰᠦᠨ ᠪᠤᠶᠢᠵᠢᠬᠤ ᠠᠰᠠᠭᠤᠳᠠᠯ ᠪᠤᠯᠬᠤ ᠶᠢ ᠲᠠᠨᠢᠵᠤ᠂ | ᠥᠷᠭᠡᠨ ᠣᠯᠠᠨ ᠬᠡᠤᠬᠡᠳ ᠪᠠᠭᠠᠴᠤᠳ ᠵᠠᠯᠠᠭᠤᠴᠤᠳ ᠢ ᠭᠠᠴᠢᠭᠳᠠᠭᠤᠯᠵᠤ ᠪᠦᠬᠦᠢ ᠦᠰᠦᠨ ᠪᠤᠶᠢᠵᠢᠯᠳᠠ ᠶᠢᠨ | ᠰᠠᠭᠠᠳ ᠪᠤᠯᠤᠭᠰᠠᠠ ᠳᠤᠯᠠ ᠬᠦᠴᠦᠲᠡᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠪᠦᠲᠦᠮᠵᠢᠲᠡᠶ | ᠠᠷᠭᠠᠴᠠᠭᠠᠬᠤ ᠪᠠ ᠶᠡᠷᠦᠩᠬᠡᠶᠢᠯᠡᠨ ᠵᠠᠰᠠᠬᠤ ᠬᠡᠷᠡᠭᠲᠡᠶ᠃ ᠵᠢᠱᠢᠶᠡᠯᠡᠪᠡᠯ᠂ ᠰᠤᠷᠭᠠᠨ ᠬᠥᠮᠦᠵᠢᠯ ᠤᠨ ᠠᠰᠢᠭ ᠬᠠᠷᠠᠬᠤ | ᠬᠡᠯᠪᠡᠷᠢᠯ ᠢ ᠬᠤᠪᠢᠷᠠᠭᠤᠯᠵᠤ᠂ ᠬᠡᠦᠬᠡᠳ ᠤᠨ ᠡᠯᠧᠺᠲᠷᠤᠨ ᠦᠢᠯᠡᠳᠬᠦᠨ ᠦᠵᠡᠬᠦ ᠴᠠᠭ ᠬᠤᠭᠤᠴᠠᠭ᠎ᠠ ᠶᠢ ᠡᠵᠡᠮᠳᠡᠵᠦ᠂ | ᠨᠠᠷᠢᠨ ᠵᠦᠢᠯᠡᠰ ᠤᠨ ᠬᠠᠮᠢᠶᠠᠷᠤᠯᠲᠠ ᠡᠵᠡᠮᠳᠡᠯ ᠢ ᠰᠠᠶᠢᠲᠤᠷ ᠬᠢᠬᠦ ᠬᠡᠷᠡᠭᠲᠡᠢ︔ ᠬᠡᠤᠬᠡᠳ ᠤᠳ ᠤᠨ ᠭᠠᠳᠠᠭ᠎ᠠ | ᠬᠥᠳᠡᠯᠭᠡᠭᠡᠨ ᠬᠢᠬᠦ ᠴᠠᠭ ᠢ ᠤᠷᠳᠤᠳᠬᠠᠨ᠂ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠵᠤ᠂ ᠭᠦᠢᠴᠡᠳ | ᠤᠨᠲᠠᠬᠤ ᠪᠠ ᠵᠦᠶ ᠵᠣᠬᠢᠰᠲᠠᠶ ᠰᠢᠮ᠎ᠡ ᠲᠡᠵᠢᠭᠡᠯ ᠢ ᠪᠠᠲᠤᠯᠠᠬᠤ ᠵᠡᠷᠭᠡ ᠠᠵᠢᠯ ᠢ ᠨᠠᠶᠢᠳᠠᠪᠤᠷᠢᠳᠠᠢ ᠰᠠᠶᠢᠨ ᠬᠢᠬᠦ | ᠬᠡᠷᠡᠭᠲᠡᠢ᠃ | ︽ᠬᠡᠤᠬᠡᠳ ᠤᠨ ᠨᠢᠳᠤᠨ ᠰᠢᠯ︾ ᠤᠨ ᠬᠠᠳᠠᠭᠠᠯᠠᠯᠳᠠ ᠶᠢ ᠪᠠᠭᠠᠰᠬᠠᠵᠤ᠂ ︽ᠨᠢᠳᠦᠨ ᠰᠢᠯ ᠤᠨ ᠨᠡᠮᠡᠭᠳᠡᠯ︾ | ᠢ ᠬᠤᠷᠢᠭᠯᠠᠨ ᠵᠣᠭᠰᠣᠭᠠᠬᠤ ᠳᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠪᠠ ᠨᠡᠶᠢᠭᠡᠮ ᠤᠨ ᠡᠯ᠎ᠡ | ᠡᠲᠡᠭᠡᠳ ᠤᠨ ᠬᠢᠨ ᠤᠳᠠᠭᠠᠨ ᠳᠠᠭᠠᠭᠠᠮᠠᠭᠠᠶ ᠴᠢᠷᠮᠠᠶᠢᠬᠤ ᠬᠡᠷᠡᠭᠲᠡᠶ᠃ ᠡᠷᠬᠡᠪᠰᠢ ᠰᠡᠷᠭᠡᠶᠢᠯᠡᠨ ᠡᠵᠡᠮᠳᠡᠬᠦ ᠪᠣᠭᠤᠮᠲᠠ ᠶᠢ | ᠤᠷᠤᠭᠰᠢ ᠠᠬᠢᠭᠤᠯᠬᠤ ᠪᠠᠷ ᠪᠠᠷᠠᠬᠤ ᠦᠭᠡᠢ ᠪᠤᠰᠤᠳ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠢ ᠴᠤ | ᠰᠤᠯᠠᠷᠠᠭᠤᠯᠵᠤ ᠪᠣᠯᠬᠤ ᠦᠭᠡᠢ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠡᠯ᠎ᠡ ᠲᠠᠯ᠎ᠠ ᠶᠢᠨ ᠬᠢᠨ ᠪᠠᠰᠠ | ᠵᠠᠰᠠᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠡᠤᠬᠡᠳ ᠪᠠᠭᠠᠴᠤᠳ ᠵᠠᠯᠠᠭᠤᠴᠤᠳ ᠤᠨ ᠦᠰᠦᠨ | ᠪᠤᠶᠢᠵᠢᠬᠤ ᠠᠶᠠᠨ ᠵᠠᠮ ᠳᠠᠬᠢ ᠡᠨᠡ ᠬᠦ ᠰᠠᠭᠠᠳ ᠢ ᠬᠠᠮᠲᠤ ᠪᠠᠷ ᠠᠷᠢᠯᠭᠠᠵᠤ᠂ ᠬᠡᠦᠬᠡᠳ ᠤᠨ ᠡᠷᠡᠭᠦᠯ ᠴᠢᠭᠢᠷᠠᠭ | ᠢᠳᠡᠷᠡᠭᠦᠨ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠬᠦ ᠬᠡᠷᠡᠭᠳᠡᠢ᠃ | ︵︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶ | |