ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠨ᠎ᠠ
ᠨᠡᠶᠢᠲᠡᠯᠡᠭᠰᠡᠨ ᠴᠠᠭ᠄
2025/2/26
     2 ᠰᠠᠷ᠎ᠠ ᠶᠢᠨ 13 — 22 ᠤᠨ ᠡᠳᠦᠷ ᠪᠤᠯᠳᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠪ ᠤᠨ 29 ᠲᠤᠰᠬᠠᠢ ᠮᠡᠷᠭᠡᠵᠢᠯᠳᠡᠨ ᠢᠶᠠᠷ ᠪᠦᠷᠢᠯᠳᠦᠭᠰᠡᠨ 11 ᠯᠧᠺᠲ᠋ᠣᠷ ᠤᠨ ᠳᠤᠭᠤᠶᠢᠯᠠᠩ ᠪᠤᠷᠭᠠᠰᠤᠳᠠᠢ ᠰᠢᠶᠠᠩ᠂ ᠭᠦᠢᠯᠡᠷ ᠪᠠᠯᠭᠠᠰᠤ᠂ ᠳ᠋ᠠᠱᠢᠵᠠᠢ ᠪᠠᠯᠭᠠᠰᠤ᠂ ᠡᠷᠭᠢᠳᠦ ᠪᠠᠯᠭᠠᠰᠤ ᠵᠡᠷᠭᠡ ᠲᠠᠷᠢᠶᠠᠯᠠᠬᠤ ᠣᠷᠣᠨ ᠪᠣᠯᠤᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠵᠦ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠤᠯᠲᠠ ᠶᠢ ᠠᠵᠤ ᠦᠶᠢᠯᠡᠰᠵᠢᠭᠦᠯᠦᠨ ᠬᠡᠷᠡᠭᠯᠡᠬᠦ᠂ ᠠᠮᠤ ᠲᠣᠰᠣᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ᠂ ᠲᠠᠷᠢᠶᠠᠨ ᠭᠠᠵᠠᠷ ᠢ ᠬᠠᠮᠠᠭᠠᠯᠠᠬᠤ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ︽ᠰᠢᠨᠵᠢᠯᠡᠬᠦ ᠤᠬᠠᠭᠠᠨ ᠮᠡᠷᠭᠡᠵᠢᠯ ᠪᠠ ᠲᠥᠷᠥ ᠶᠢᠨ ᠪᠣᠳᠣᠯᠭ᠎ᠠ ᠶᠢ ᠬᠦᠷᠭᠡᠬᠦ︾ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃    ᠪᠤᠷᠭᠠᠰᠤᠳᠠᠢ ᠰᠢᠶᠠᠩ ᠤᠨ ᠴᠤᠸᠠᠩ ᠶᠧ ᠲᠣᠰᠬᠤᠨ ᠳᠤ᠂ ᠲᠤᠰᠬᠠᠢ ᠮᠡᠷᠭᠡᠵᠢᠯᠳᠡᠨ ᠠᠴᠠ ᠲᠦᠭᠦᠮ ᠣᠶᠢᠯᠠᠭᠠᠮᠵᠢᠲᠠᠢ ᠦᠭᠡ ᠬᠡᠯᠡᠯᠭᠡ ᠪᠠᠷ ᠤᠯᠠᠨ ᠳᠤ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠮᠡᠷᠭᠡᠵᠢᠯ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠵᠢᠴᠢ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠵᠤ ᠦᠭᠴᠡᠢ᠃ ᠪᠣᠯᠪᠠᠰᠤᠷᠠᠯ ᠳᠤ ᠣᠷᠣᠯᠴᠠᠭᠰᠠᠨ ᠲᠤᠰᠬᠤᠨ ᠤ ᠠᠷᠠᠳ ᠬᠢᠨᠠᠮᠠᠭᠠᠶ ᠰᠣᠨᠣᠰᠴᠤ᠂ ᠰᠣᠷᠣᠭᠰᠠᠨ ᠮᠡᠳᠡᠯᠭᠡ ᠪᠠᠨ ᠪᠣᠳᠠᠲᠠᠶ ᠦᠢᠯᠡᠳᠪᠦᠷᠢᠯᠡᠯ ᠳᠤ ᠬᠡᠷᠡᠭᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠭᠰᠡᠨ ᠪᠠᠶᠢᠨ᠎ᠠ᠃     ︽ᠡᠷᠳᠡᠨᠢ ᠰᠢᠰᠢ ᠶᠢ ᠨᠢᠭᠲᠠ ᠳᠠᠷᠢᠬᠤ ᠳᠤ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠬᠦ ᠳᠠᠷᠢᠵᠤ ᠪᠤᠶᠢᠵᠢᠭᠤᠯᠬᠤ ᠮᠡᠷᠭᠡᠵᠢᠯ ᠪᠣᠯ ᠣᠯᠠᠨ ᠵᠦᠢᠯ ᠤᠨ ᠮᠡᠷᠭᠡᠵᠢᠯ ᠤᠨ ᠬᠤᠷᠠᠮᠳᠤᠯ ᠮᠥᠨ᠂ ᠡᠷᠬᠡᠪᠰᠢ ᠲᠠᠷᠢᠭᠰᠠᠨ ᠤ 48 ᠴᠠᠭ ᠤᠨ ᠳᠣᠲᠣᠷ᠎ᠠ ᠤᠰᠤ ᠳᠤᠰᠤᠯᠭᠠᠵᠤ ᠴᠢᠬᠢ ᠭᠠᠷᠭᠠᠨ᠂ ᠰᠤᠶᠤᠭᠠᠯᠠᠬᠤ᠂ ᠦᠶᠡᠯᠡᠬᠦ ᠵᠡᠷᠭᠡ ᠵᠠᠩᠭᠢᠯᠠᠭ᠎ᠠ ᠶᠢᠨ ᠦᠶ᠎ᠡ ᠳᠤ ᠴᠠᠭ ᠲᠤᠬᠠᠶ ᠳᠤᠨᠢ ᠤᠰᠤᠯᠠᠨ ᠪᠤᠷᠳᠤᠭᠤᠷ ᠬᠠᠩᠭᠠᠨ᠎ᠠ ᠁︾ ᠭᠦᠢᠯᠡᠷ ᠪᠠᠯᠭᠠᠰᠤᠨ ᠤ ᠬᠤᠶᠢᠳᠤ ᠮᠢᠨ ᠾᠧ ᠭᠠᠴᠠᠭᠠᠨ ᠤ ᠬᠤᠷᠠᠯ ᠤᠨ ᠭᠡᠷ ᠲᠤ ᠲᠤᠰᠬᠠᠢ ᠮᠡᠷᠭᠡᠵᠢᠯᠳᠡᠨ ᠨᠠᠷᠢᠨ ᠨᠢᠮᠪᠠᠶ ᠲᠠᠶᠢᠯᠪᠤᠷᠢᠯᠠᠨ ᠶᠠᠷᠢᠵᠤ ᠪᠠᠶᠢᠯ᠎ᠠ᠃ ᠲᠠᠶᠢᠰᠠᠨ ᠳᠣᠣᠷ᠎ᠠ ᠬᠥᠮᠦᠰ ᠳᠦᠭᠦᠷᠲᠡᠯ᠎ᠡ ᠰᠠᠭᠤᠵᠤ᠂ 50 ᠰᠢᠬᠠᠮ ᠲᠣᠰᠬᠤᠨ ᠤ ᠠᠷᠠᠳ ᠨᠠᠷᠢᠨ ᠬᠢᠨᠠᠮᠠᠭᠠᠢ ᠬᠢᠴᠢᠶᠡᠯ ᠰᠣᠨᠣᠰᠴᠤ᠂ ᠲᠤᠰᠬᠠᠢ ᠮᠡᠷᠭᠡᠵᠢᠯᠳᠡᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠳᠤ ᠲᠤᠯᠭᠠᠷᠠᠭᠰᠠᠨ ᠪᠣᠳᠠᠲᠠᠢ ᠠᠰᠠᠭᠤᠳᠠᠯ ᠢ ᠰᠤᠳᠤᠯᠤᠨ ᠶᠠᠷᠢᠯᠴᠠᠵᠤ ᠰᠢᠢᠳᠪᠦᠷᠢᠯᠡᠪᠡ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 11 ᠰᠤᠮᠤ ᠰᠢᠶᠠᠩ ᠪᠠᠯᠭᠠᠰᠤᠨ ᠤ 178 ᠭᠠᠴᠠᠭ᠎ᠠ ᠲᠣᠰᠬᠤᠨ ᠤ 4830 ᠬᠥᠮᠦᠨ ᠪᠣᠯᠪᠠᠰᠤᠷᠠᠯ ᠳᠤ ᠣᠷᠣᠯᠴᠠᠵᠤ᠂ ᠲᠠᠷᠢᠶᠠᠯᠠᠩ ᠤᠨ ᠦᠢᠯᠡᠳᠪᠤᠷᠢᠯᠡᠯ ᠤᠨ ᠮᠡᠷᠭᠡᠵᠢᠯ ᠢ ᠡᠵᠡᠮᠰᠢᠨ᠂ ᠪᠥᠬᠦ ᠵᠢᠯ ᠤᠨ ᠲᠠᠷᠢᠶᠠᠯᠠᠩ ᠤᠨ ᠦᠢᠯᠡᠳᠪᠤᠷᠢᠯᠡᠯ ᠤᠨ ᠰᠠᠶᠢᠨ ᠡᠬᠢᠯᠡᠯᠲᠡ ᠲᠠᠢ ᠪᠣᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号