| 2 ᠰᠠᠷ᠎ᠠ ᠶᠢᠨ 21 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠮᠡᠷᠭᠡᠵᠢᠯ ᠤᠨ ᠪᠦᠯᠬᠦᠮ ᠵᠣᠬᠢᠶᠠᠨ ᠪᠠᠶᠢᠭᠤᠯᠵᠤ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢ ᠨᠡᠪᠴᠢᠭᠦᠯᠬᠦ | ᠰᠠᠭᠤᠷᠢᠨ ᠭᠠᠵᠠᠷ ᠢᠶᠠᠷ ᠬᠦᠷᠴᠦ᠂ ᠰᠠᠭᠤᠷᠢᠨ ᠭᠠᠵᠠᠷ ᠤᠨ ᠬᠠᠩᠭᠠᠭᠰᠠᠨ ᠦᠢᠯᠡᠴᠢᠯᠡᠭᠡᠨ ᠤ ᠠᠵᠤ ᠠᠬᠤᠶᠢᠯᠠᠯ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢ ᠡᠭᠦᠳᠬᠦ᠂ ᠬᠡᠷᠡᠭᠯᠡᠬᠦ᠂ ᠬᠠᠮᠠᠭᠠᠯᠠᠬᠤ ᠵᠡᠷᠭᠡ ᠲᠠᠯ᠎ᠠ ᠶᠢᠨ | ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠂ ᠠᠵᠤ ᠠᠬᠤᠶᠢᠯᠠᠯ ᠳᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ | ᠪᠠᠶᠢᠷᠢᠰᠢᠭᠤᠯᠤᠯᠲᠠ ᠪᠠ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠪᠣᠳᠠᠲᠤ ᠬᠡᠷᠡᠭᠯᠡᠭᠡᠨ ᠤ ᠤᠷ᠎ᠠ | ᠮᠡᠷᠭᠡᠵᠢᠯ ᠢ ᠬᠤᠪᠢᠶᠠᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯ ᠤᠨ ᠲᠥᠯᠥᠭᠡᠯᠡᠭᠴᠢᠳ ᠤᠨ | ᠲᠤᠷᠠᠳᠤᠭᠰᠠᠨ ᠮᠠᠳᠠᠭ ᠲᠠᠢ ᠠᠰᠠᠭᠤᠯᠲᠠ ᠶᠢ ᠠᠵᠢᠯᠲᠠᠳ ᠬᠦᠯᠢᠴᠡᠩᠭᠦᠶ ᠪᠠᠷ ᠬᠠᠷᠢᠭᠤᠯᠵᠤ᠂ ᠠᠵᠤ ᠠᠬᠤᠶᠢᠯᠠᠯ ᠢ | ᠬᠠᠪᠰᠤᠷᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ ᠤᠬᠠᠮᠰᠠᠷ ᠪᠠ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠨᠢ ᠳᠡᠭᠡᠭᠰᠢᠯᠡᠭᠦᠯᠪᠡ᠃ | ︽ᠥᠨᠥᠳᠦᠷ ᠤᠨ ᠶᠠᠷᠢᠯᠴᠠᠭ᠎ᠠ ᠰᠣᠯᠢᠯᠴᠠᠭ᠎ᠠ ᠨᠢ ᠮᠠᠨ ᠤ ᠠᠵᠤ ᠠᠬᠤᠶᠢᠯᠠᠯ ᠳᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ ᠴᠢᠬᠤᠯᠠ ᠴᠢᠨᠠᠷ ᠪᠠ ᠱᠠᠭᠠᠷᠳᠠᠯᠭᠠᠳᠤ ᠴᠢᠨᠠᠷ ᠢ ᠨᠡᠩ ᠰᠢᠭᠤᠳ | ᠣᠶᠢᠯᠠᠭᠠᠭᠤᠯᠵᠤ᠂ ᠵᠠᠬ᠎ᠠ ᠳᠡᠯᠭᠡᠭᠦᠷ ᠤᠨ ᠬᠠᠮᠠᠭᠠᠯᠠᠯᠲᠠ᠂ ᠲᠠᠸᠠᠷ ᠤᠨ ᠲᠡᠮᠳᠡᠭ ᠤᠨ ᠬᠠᠮᠠᠭᠠᠯᠠᠯᠲᠠ ᠵᠢᠴᠢ | ᠦᠢᠯᠡᠳᠬᠦᠨ ᠤ ᠳᠡᠯᠭᠡᠷᠡᠭᠦᠯᠦᠯᠲᠡ ᠶᠢᠨ ᠲᠠᠯ᠎ᠠ ᠪᠠᠷ ᠴᠥᠮ ᠴᠢᠬᠤᠯᠠ ᠠᠴᠢ ᠬᠤᠯᠪᠣᠭᠳᠠᠯ ᠲᠠᠢ︾ ᠭᠡᠵᠦ ᠬᠢᠩᠭᠠᠨ | ᠠᠶᠢᠮᠠᠭ ᠤᠨ ᠫᠢᠨ ᠷᠦᠢ ᠲᠠᠷᠢᠶᠠᠯᠠᠩ ᠤᠨ ᠬᠥᠭᠵᠢᠭᠦᠯᠦᠯᠳᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ | ᠹᠧᠩ ᠷᠦᠢ ᠫᠧᠩ ᠬᠡᠯᠡᠪᠡ᠃ | ᠬᠢᠩᠭᠠᠨ ᠠᠶᠢᠮᠠᠭ ᠤᠨ ᠴᠠᠩ ᠹᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ | ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠶᠤᠸᠠᠨ ᠰᠢᠤᠸᠠᠢ ᠫᠢᠩ ᠤᠨ | ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠳᠡᠳᠡᠨ ᠤ ᠺᠤᠮᠫᠠᠨᠢ ᠪᠥᠬᠦ ᠬᠤᠰᠢᠭᠤᠨ ᠤ 245 ᠠᠵᠤ | ᠠᠬᠤᠶᠢᠯᠠᠯ ᠳᠤ ᠦᠢᠯᠡᠴᠢᠯᠡᠵᠦ᠂ 200 ᠭᠠᠷᠤᠶ ᠲᠠᠸᠠᠷ ᠤᠨ ᠲᠡᠮᠳᠡᠭ ᠳᠠᠩᠰᠠᠯᠠᠭᠤᠯᠵᠤ᠂ ᠲᠠᠸᠠᠷ ᠤᠨ ᠲᠡᠮᠳᠡᠭ ᠤᠨ | ᠠᠴᠢ ᠬᠤᠯᠪᠣᠭᠳᠠᠯ ᠤᠨ ᠠᠰᠠᠭᠤᠳᠠᠯ ᠢ 3 ᠰᠢᠢᠳᠪᠤᠷᠢᠯᠡᠵᠦ᠂ 70 ᠭᠠᠷᠤᠶ ᠲᠠᠯᠠᠪᠤᠷ ᠤᠨ ᠪᠣᠯᠪᠠᠰᠤᠷᠠᠯ ᠢ ᠵᠣᠬᠢᠶᠠᠨ | ᠪᠠᠶᠢᠭᠤᠯᠵᠠᠢ᠃ ᠰᠠᠭᠤᠷᠢᠨ ᠭᠠᠵᠠᠷ ᠨᠢ ᠦᠷᠭᠦᠯᠵᠢᠯᠡᠨ ᠠᠵᠤ ᠠᠬᠤᠶᠢᠯᠠᠯ ᠳᠤ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠯ ᠤᠨ ᠡᠷᠬᠡ ᠶᠢᠨ ᠡᠵᠡᠩᠨᠡᠯᠲᠡ᠂ ᠮᠥᠩᠭᠦᠨ ᠭᠦᠢᠯᠭᠡᠭᠡᠨ᠂ ᠬᠠᠤᠯᠢ ᠴᠠᠭᠠᠵᠠ᠂ ᠶᠡᠷᠦᠩᠬᠡᠶᠢᠯᠡᠭᠰᠡᠨ | ᠳᠡᠭᠡᠭᠰᠢᠯᠡᠯᠲᠡ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ | ᠡᠷᠬᠡ ᠶᠢᠨ ᠪᠦᠬᠦᠯᠢ ᠴᠣᠭᠴᠠ ᠶᠢᠨ ᠲᠥᠯᠥᠪᠵᠢᠭᠦᠯᠭᠡ ᠵᠡᠷᠭᠡ ᠲᠠᠪᠤᠨ ᠶᠡᠭᠡ ᠲᠤᠰᠬᠠᠶ ᠮᠡᠷᠭᠡᠵᠢᠯ ᠤᠨ | ᠦᠢᠯᠡᠴᠢᠯᠡᠭᠡ ᠶᠢ ᠬᠠᠩᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠨᠡᠶᠢᠭᠡᠮ ᠤᠨ | ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ ᠭᠡᠵᠡᠢ᠃ | ᠥᠪᠥᠷ ᠮᠣᠩᠭᠤᠯ ᠤᠨ ᠱᠦ ᠬᠠ ᠬᠠ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠪᠠᠶᠢᠭᠤᠯᠵᠤ ᠪᠠᠶᠢᠭ᠎ᠠ ᠦᠢᠯᠡᠳᠪᠦᠷᠢ ᠶᠢᠨ ᠪᠠᠶᠢᠰᠢᠩ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠳ ᠦᠢᠯᠡᠳᠪᠦᠷᠢ ᠶᠢᠨ | ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠦᠢᠯᠡᠳᠪᠦᠷᠢᠯᠡᠯ ᠤᠨ ᠲᠥᠯᠥᠪᠵᠢᠭᠦᠯᠭᠡ ᠵᠢᠴᠢ | ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠢ ᠪᠣᠳᠠᠲᠠᠢ ᠭᠠᠵᠠᠷ ᠲᠤᠨᠢ ᠣᠶᠢᠯᠠᠭᠠᠪᠠ᠃ ᠠᠵᠤ ᠠᠬᠤᠶᠢᠯᠠᠯ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠡᠭᠦᠨ ᠳᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ | ᠶᠠᠰᠤ ᠴᠢᠨᠠᠷ ᠤᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠲᠤᠰᠬᠠᠶ ᠮᠡᠷᠭᠡᠵᠢᠯ ᠤᠨ | ᠰᠠᠨᠠᠭᠤᠯᠭ᠎ᠠ ᠬᠠᠩᠭᠠᠵᠤ᠂ ᠠᠵᠤ ᠠᠬᠤᠶᠢᠯᠠᠯ ᠤᠨ ᠢᠳᠡᠭᠡᠨ ᠤ ᠦᠢᠯᠡᠳᠪᠤᠷᠢᠯᠡᠯ ᠤᠨ ᠬᠦᠷᠢᠶᠡᠨ ᠳᠠᠬᠢ ᠲᠣᠭᠲᠠᠭᠠᠯ ᠳᠤ | ᠨᠡᠶᠢᠴᠡᠬᠦ᠂ ᠥᠨᠳᠥᠷ ᠦᠷ᠎ᠡ ᠪᠦᠲᠦᠮᠵᠢᠲᠡᠶ ᠪᠠᠷ ᠬᠥᠭᠵᠢᠬᠦ ᠳᠤ ᠬᠦᠴᠦᠨ ᠨᠡᠮᠡᠷᠢᠯᠡᠪᠡ᠃ ᠠᠵᠢᠯᠲᠠᠳ ᠪᠠᠰᠠ | ᠦᠢᠯᠡᠳᠪᠦᠷᠢ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠲᠤᠨᠤᠭ ᠲᠥᠬᠦᠭᠡᠷᠦᠮᠵᠢ ᠶᠢᠨ ᠪᠠᠶᠢᠷᠢᠰᠢᠭᠤᠯᠤᠯᠲᠠ᠂ | ᠦᠢᠯᠡᠳᠭᠦᠨ ᠤ ᠶᠠᠪᠤᠴᠠ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠬᠠᠮᠢᠶᠠᠷᠤᠯᠲᠠ ᠵᠢᠴᠢ ᠦᠨᠡᠮᠯᠡᠯ | ᠭᠤᠶᠤᠴᠢᠯᠠᠨ ᠦᠨᠡᠮᠯᠡᠯ ᠠᠪᠬᠤ ᠳᠤ ᠪᠦᠷᠢᠯᠳᠦᠭᠦᠯᠬᠦ ᠴᠢᠬᠤᠯᠠᠲᠠᠢ ᠵᠥᠭᠡᠯᠡᠨ ᠬᠠᠲᠠᠭᠤ ᠲᠤᠨᠤᠭ ᠵᠡᠷᠭᠡ ᠲᠠᠯ᠎ᠠ ᠪᠠᠷ | ᠭᠦᠨᠵᠡᠭᠡᠢ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠣᠳᠣᠬᠠᠨ ᠳᠤ ᠣᠷᠣᠰᠢᠵᠤ | ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠡᠮᠬᠢᠯᠡᠨ᠂ ᠦᠨᠡᠨ ᠬᠦ ᠬᠡᠷᠡᠭᠵᠢᠭᠦᠯᠵᠦ ᠪᠣᠯᠬᠤᠶᠢᠴᠠ | ᠥᠭᠡᠷᠡᠴᠢᠯᠡᠨ ᠰᠠᠶᠢᠵᠢᠷᠠᠭᠤᠯᠬᠤ ᠲᠥᠰᠦᠯ ᠢ ᠳᠤᠷᠠᠳᠤᠭᠰᠠᠨ ᠪᠠᠶᠢᠨ᠎ᠠ᠃ ︽ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠰᠠᠨᠠᠭᠠᠴᠢᠯᠠᠭ᠎ᠠ ᠠᠴᠠ ᠪᠠᠨ ᠠᠵᠤ | ᠠᠬᠤᠶᠢᠯᠠᠯ ᠳᠤ ᠦᠢᠯᠡᠴᠢᠯᠡᠵᠦ᠂ ᠳᠡᠳᠡ ᠲᠤᠰᠬᠠᠢ ᠮᠡᠷᠭᠡᠵᠢᠯ ᠤᠨ ᠲᠠᠯ᠎ᠠ ᠠᠴᠠ ᠲᠥᠬᠦᠭᠡᠷᠦᠮᠵᠢ ᠶᠢ ᠳᠡᠯᠭᠡᠨ ᠲᠠᠯᠪᠢᠬᠤ | ᠂ ᠠᠶᠤᠯᠭᠦᠢ ᠦᠢᠯᠡᠳᠪᠦᠷᠢᠯᠡᠯ ᠵᠢᠴᠢ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠤ ᠲᠠᠯ᠎ᠠ ᠪᠠᠷ ᠴᠥᠮ | ᠮᠠᠰᠢ ᠰᠠᠶᠢᠨ ᠰᠠᠨᠠᠭᠤᠯᠭ᠎ᠠ ᠳᠤᠷᠠᠳᠴᠠᠢ︾ ᠭᠡᠵᠦ ᠥᠪᠥᠷ ᠮᠣᠩᠭᠤᠯ ᠤᠨ ᠱᠦ ᠬᠠ ᠬᠠ ᠢᠳᠡᠭᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠭᠦᠸᠧ ᠢᠦᠢ ᠹᠠ ᠰᠡᠳᠬᠢᠯ ᠲᠤᠭᠳᠤᠯᠤᠨ | ᠬᠡᠯᠡᠪᠡ᠃ | ︽ᠪᠢᠳᠡ ᠦᠢᠯᠡᠴᠢᠯᠡᠭᠡᠨ ᠤ ᠶᠠᠪᠤᠴᠠ ᠪᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ | ᠴᠢᠨᠠᠷ ᠢᠶᠠᠨ ᠳᠡᠭᠡᠭᠰᠢᠯᠡᠭᠦᠯᠦᠨ᠂ ᠨᠠᠩ ᠣᠯᠠᠨ ᠠᠵᠤ ᠠᠬᠤᠶᠢᠯᠠᠯ ᠤᠨ ᠬᠥᠭᠵᠢᠯᠲᠡ ᠳᠤ ᠬᠦᠴᠦᠲᠡᠶ ᠳᠡᠮᠵᠢᠯᠭᠡ ᠪᠠ | ᠪᠠᠲᠤᠯᠠᠭ᠎ᠠ ᠬᠠᠩᠭᠠᠵᠤ᠂ ᠯᠠᠪᠳᠠᠭᠤᠨ ᠪᠦᠲᠦᠮᠵᠢᠲᠡᠶ ᠠᠵᠢᠯ ᠢᠶᠠᠷ ᠢᠶᠠᠨ ︿ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ | ﹀ ᠶᠢ ᠨᠠᠶᠢᠳᠠᠪᠤᠷᠢᠵᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠶᠢᠨ ᠬᠦᠭᠵᠢᠯᠳᠡ | ᠳᠤ ᠬᠦᠴᠦᠨ ᠨᠡᠮᠡᠷᠢᠯᠡᠨ᠎ᠡ︾ ᠭᠡᠵᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠰᠢᠨ ᠬᠠᠶ ᠲᠤᠤ ᠢᠲᠡᠭᠡᠯ ᠳᠡᠭᠦᠯᠳᠡᠷ ᠬᠡᠯᠡᠪᠡ᠃ |