ᠰᠤᠶᠤᠯ ᠵᠢᠭᠤᠯᠴᠢᠯᠠᠯ ᠤᠨ ᠦᠢᠯᠡᠰ ᠤᠨ ᠨᠢᠭᠡᠨ ᠬᠢᠯᠠᠰ ᠴᠡᠭ
ᠨᠡᠶᠢᠲᠡᠯᠡᠭᠰᠡᠨ ᠴᠠᠭ᠄
2025/2/6
    ᠴᠠᠭᠠᠨ ᠰᠠᠷ᠎ᠠ ᠶᠢᠨ ᠬᠤᠭᠤᠴᠠᠭᠠᠨ ᠳᠤ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠭᠤᠤᠯ ᠠᠮᠢ ᠠᠬᠤᠶ ᠶᠢᠨ ᠴᠡᠴᠡᠷᠯᠢᠭ ᠤᠨ ᠪᠠᠷᠠᠭᠤᠨ ᠲᠠᠯ᠎ᠠ ᠳᠤ ᠪᠠᠶᠢᠭ᠎ᠠ ᠬᠢᠩᠭᠠᠨ ᠠᠶᠢᠮᠠᠭ ᠤᠨ ᠵᠢᠶᠠᠨ ᠭᠦᠸᠧ ᠵᠣᠴᠢᠳ ᠤᠨ ᠪᠠᠭᠤᠳᠠᠯ ᠢᠶᠠᠷ ᠬᠦᠷᠴᠦ ᠰᠢᠨ᠎ᠡ ᠵᠢᠯ ᠤᠨ ᠦᠨᠦᠷ ᠠᠮᠲᠠ ᠶᠢ ᠬᠠᠶᠢᠵᠤ᠂ ᠮᠠᠰᠢ ᠣᠯᠠᠨ ᠥᠪᠡᠷᠮᠢᠴᠡ ᠣᠨᠴᠠᠯᠢᠭ ᠲᠠᠢ ᠢᠳᠡᠭᠡᠨ ᠳᠠᠬᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠸᠧᠨ ᠴᠤᠸᠠᠩ ᠴᠠᠰᠤᠮᠠᠭ ᠨᠢ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠪᠠᠶᠢᠷᠢ ᠪᠣᠯᠵᠣ᠂ ᠤᠯᠠᠮᠵᠢᠯᠠᠯᠲᠤ ᠪᠠᠶᠠᠷ ᠤᠨ ᠡᠳᠦᠷ ᠲᠤ ᠥᠪᠡᠷᠮᠢᠴᠡ ᠰᠠᠶᠢᠬᠠᠨ ᠦᠨᠦᠷ ᠠᠮᠲᠠ ᠶᠢ ᠨᠡᠮᠡᠷᠢᠯᠡᠭᠰᠡᠨ ᠪᠠᠶᠢᠨ᠎ᠠ᠃    ᠬᠢᠩᠭᠠᠨ ᠠᠶᠢᠮᠠᠭ ᠤᠨ ᠵᠢᠶᠠᠨ ᠭᠦᠸᠧ ᠵᠣᠴᠢᠳ ᠤᠨ ᠪᠠᠭᠤᠳᠠᠯ ᠳᠤ ᠣᠷᠣᠬᠤ ᠳᠤ᠂ ᠸᠧᠨ ᠴᠤᠸᠠᠩ ᠴᠠᠰᠤᠮᠠᠭ  ᠤᠨ ᠬᠥᠯᠳᠡᠭᠡᠭᠦᠷ ᠲᠤ ᠶᠠᠩᠵᠤ ᠪᠦᠷᠢ ᠶᠢᠨ ᠳᠦᠷᠰᠦ ᠪᠦᠲᠦᠭᠡᠯᠲᠡ ᠨᠢ ᠬᠥᠭᠡᠷᠦᠬᠦᠨ᠂ ᠣᠷᠣᠨ ᠨᠤᠲᠤᠭ ᠤᠨ ᠣᠨᠴᠠᠯᠢᠭ ᠢᠶᠠᠷ ᠪᠠᠶᠠᠯᠢᠭ ᠸᠧᠨ ᠴᠤᠸᠠᠩ ᠴᠠᠰᠤᠮᠠᠭ ᠢ ᠲᠡᠷᠢ ᠲᠡᠭᠰᠢ ᠵᠢᠭᠰᠠᠭᠠᠭᠰᠠᠨ ᠦᠨᠡᠬᠡᠷ ᠢᠯᠡ ᠬᠠᠷᠠᠭᠳᠠᠨ᠎ᠠ᠃ ᠡᠳᠡᠭᠡᠷ ᠸᠧᠨ ᠴᠤᠸᠠᠩ ᠴᠠᠰᠤᠮᠠᠭ ᠨᠢ ᠣᠯᠠᠨ ᠶᠠᠩᠵᠤ ᠶᠢᠨ ᠠᠮᠲᠠ ᠲᠠᠢ ᠪᠠᠶᠢᠳᠠᠭ᠃ ᠬᠤᠷᠤᠳ ᠤᠨ ᠠᠮᠲᠠ ᠲᠠᠢ ᠴᠠᠰᠤᠮᠠᠭ ᠨᠢ ᠲᠠᠯ᠎ᠠ ᠨᠤᠲᠤᠭ ᠤᠨ ᠴᠠᠭᠠᠨ ᠢᠳᠡᠭᠡᠨ ᠤ ᠥᠪᠡᠷᠮᠢᠴᠡ ᠠᠮᠳᠠ ᠶᠢ ᠬᠠᠳᠠᠭᠠᠯᠠᠵᠤ᠂ ᠠᠭᠠᠯᠢᠭ ᠠᠯᠢᠮ᠎ᠠ  ᠶᠢᠨ ᠠᠮᠲᠠ ᠲᠠᠢ ᠴᠠᠰᠤᠮᠠᠭ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠬᠠᠶ ᠶᠢᠨ ᠭᠠᠵᠠᠷ ᠤᠨ ᠠᠭᠠᠯᠢᠭ ᠠᠯᠢᠮ᠎ᠠ ᠪᠠᠷ ᠲᠦᠭᠦᠬᠡᠶ ᠮᠠᠲ᠋ᠧᠷᠢᠶᠠᠯ ᠪᠤᠯᠭᠠᠭᠰᠠᠨ ᠪᠤᠯᠬᠤᠷ᠂ ᠬᠥᠮᠦᠰ ᠲᠤ ᠨᠢᠭᠡ ᠵᠦᠢᠯ ᠤᠨ ᠣᠨᠴᠠᠭᠠᠶ ᠠᠮᠲᠠ ᠶᠢᠨ ᠰᠡᠷᠡᠯ ᠤᠨ ᠬᠦᠷᠲᠡᠭᠡᠯ ᠣᠯᠭᠤᠳᠠᠭ᠃ ︽ᠡ᠊ᠨᠳᠡᠬᠢ ᠸᠧᠨ ᠴᠤᠸᠠᠩ ᠴᠠᠰᠤᠮᠠᠭ ᠨᠢ ᠮᠠᠰᠢ ᠥᠪᠡᠷᠮᠢᠴᠡ ᠣᠨᠴᠠᠯᠢᠭ ᠲᠠᠢ᠂ ᠦᠨᠢᠶᠡᠨ ᠰᠦ ᠪᠣᠯᠤᠨ ᠲᠤᠲᠤᠷᠭ᠎ᠠ ᠪᠠᠷ ᠬᠢᠭᠰᠡᠨ ᠴᠠᠰᠤᠮᠠᠭ ᠢ ᠠᠮᠳᠠᠯᠠᠵᠤ ᠦᠵᠡᠭᠰᠡᠨ ᠳᠤ ᠮᠠᠰᠢ ᠠᠮᠲᠠᠲᠠᠶ ᠪᠠᠶᠢᠨ᠎ᠠ᠂ ᠬᠤᠶᠠᠷ ᠬᠠᠶᠢᠷᠴᠠᠭ ᠬᠤᠳᠠᠯᠳᠤᠨ ᠠᠪᠴᠠᠢ ᠁︾ ᠭᠡᠵᠦ ᠤᠯᠠᠭᠠᠨᠬᠤᠲᠠ ᠶᠢᠨ ᠠᠷᠠᠳ ᠭᠦᠸᠧ ᠯᠢᠩ ᠬᠡᠯᠡᠪᠡ᠃     ᠸᠧᠨ ᠴᠤᠸᠠᠩ ᠴᠠᠰᠤᠮᠠᠭ ᠨᠢ ᠥᠪᠡᠷᠮᠢᠴᠡ ᠣᠨᠴᠠᠯᠢᠭ ᠲᠠᠢ ᠪᠠᠶᠢᠵᠤ᠂ ᠵᠣᠴᠢᠳ ᠲᠤ ᠠᠮᠲᠠᠲᠤ ᠢᠳᠡᠭᠡᠨ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠲᠤᠬᠠᠶ ᠶᠢᠨ ᠭᠠᠵᠠᠷ ᠤᠨ ᠰᠣᠶᠣᠯ ᠪᠣᠯᠤᠨ ᠠᠮᠲᠠᠲᠤ ᠢᠳᠡᠭᠡᠨ ᠢ ᠬᠠᠷᠢᠯᠴᠠᠨ ᠤᠶᠠᠯᠳᠤᠭᠤᠯᠵᠤ᠂ ᠴᠠᠭᠠᠨ ᠰᠠᠷ᠎ᠠ ᠶᠢᠨ ᠨᠢᠭᠡᠨ ᠣᠨᠴᠠᠭᠠᠶ ᠦᠵᠡᠮᠵᠢ ᠪᠣᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠢᠯᠠᠰ ᠴᠡᠭ ᠨᠡᠮᠡᠷᠢᠯᠡᠨ᠎ᠠ᠃    ᠬᠢᠩᠭᠠᠨ ᠠᠶᠢᠮᠠᠭ ᠤᠨ ᠵᠢᠶᠠᠨ ᠭᠦᠸᠧ ᠵᠣᠴᠢᠳ ᠤᠨ ᠪᠠᠭᠤᠳᠠᠯ ᠤᠨ ᠢᠳᠡᠭᠡᠨ ᠤᠮᠳᠠᠭᠠᠨ ᠤ ᠬᠡᠯᠲᠡᠰ ᠤᠨ ᠳᠠᠭᠠᠭᠠᠮᠠᠯ ᠪᠦᠦ ᠸᠧᠶ ᠸᠧᠶ ᠄ ︽ᠮᠠᠨ ᠤ  ᠸᠧᠨ ᠴᠤᠸᠠᠩ ᠴᠠᠰᠤᠮᠠᠭ ᠨᠢ ︿ᠬᠠᠩᠭᠠᠢ ᠨᠤᠲᠤᠭ  ᠣᠶᠤᠨ ᠰᠠᠨᠠᠭᠠᠨ ᠤ ᠮᠠᠯᠵᠢᠯ ᠤᠨ ᠲᠠᠯᠠᠪᠠᠶ﹀ ᠪᠠᠷ ᠣᠶᠢᠯᠠᠭᠠᠭᠳᠠᠬᠤᠨ ᠢᠶᠠᠨ ᠪᠤᠯᠭᠠᠵᠠᠢ᠂ ᠵᠢᠷᠭᠤᠭᠠᠨ ᠵᠦᠢᠯ ᠤᠨ ᠴᠠᠰᠤᠮᠠᠭ ᠨᠢ ᠠᠮᠲᠠ ᠰᠢᠮᠲᠡ ᠠᠴᠠ ᠠᠪᠤᠭᠠᠳ ᠵᠢᠷᠤᠭ ᠲᠥᠯᠥᠪᠯᠡᠭᠡ ᠬᠦᠷᠲᠡᠯ᠎ᠡ ᠴᠥᠮ ᠥᠪᠡᠷᠮᠢᠴᠡ ᠣᠨᠴᠠᠯᠢᠭ ᠲᠠᠢ ᠪᠠᠶᠢᠵᠤ᠂ ᠠᠯᠢ ᠨᠢᠭᠡ ᠵᠦᠢᠯ ᠨᠢ ᠴᠦ ᠬᠢᠩᠭᠠᠨ ᠠᠶᠢᠮᠠᠭ ᠤᠨ ᠨᠤᠲᠤᠭ ᠤᠨ ᠰᠣᠶᠣᠯ ᠢ ᠬᠥᠮᠦᠰ ᠲᠤ ᠮᠡᠳᠡᠭᠦᠯᠵᠦ᠂ ᠠᠮᠲᠠᠲᠤ ᠢᠳᠡᠭᠡᠨ ᠢ ᠠᠮᠲᠠᠯᠠᠭᠤᠯᠬᠤ ᠶᠢᠨ ᠬᠠᠮᠲᠤ ᠬᠢᠩᠭᠠᠨ ᠠᠶᠢᠮᠠᠭ ᠤᠨ ᠥᠪᠡᠷᠮᠢᠴᠡ ᠷᠢᠳᠢ ᠰᠢᠳᠢ ᠶᠢ ᠨᠡᠩ ᠭᠦᠨᠵᠡᠭᠡᠢ ᠣᠶᠢᠯᠠᠭᠠᠭᠤᠯᠬᠤ ᠪᠤᠯᠤᠨ᠎ᠠ ᠁︾ ᠭᠡᠵᠦ ᠲᠠᠨᠢᠯᠴᠠᠭᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号