ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠵᠢᠩᠬᠢᠨᠢ ᠪᠠᠷ ᠠᠰᠢᠭᠯᠠᠯᠲᠠ ᠳᠤ ᠣᠷᠣᠵᠠᠢ
ᠨᠡᠶᠢᠲᠡᠯᠡᠭᠰᠡᠨ ᠴᠠᠭ᠄
2025/2/6
     1 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠴᠤᠯ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠶᠢ ᠲᠤᠰᠢᠶᠠᠬᠤ ᠶᠣᠰᠣᠯᠠᠯ ᠶᠠᠪᠤᠭᠳᠠᠭᠤᠯᠵᠤ᠂ ᠰᠢᠨ᠎ᠡ ᠡᠨᠧᠷᠭᠢ ᠶᠢᠨ 20 ᠨᠡᠶᠢᠲᠡ ᠶᠢᠨ ᠮᠠᠰᠢᠨ ᠲᠡᠷᠭᠡ ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ᠂ ᠬᠤᠰᠢᠭᠤᠨ ᠤ ᠤᠳᠤᠷᠢᠳᠤᠯᠭ᠎ᠠ ᠯᠢᠦ ᠬᠠᠶ ᠲᠤᠤ᠂ ᠨᠢᠤ ᠶᠤᠸᠠᠨ᠂ ᠸᠠᠩ ᠮᠧᠩ᠂ ᠸᠠᠩ ᡁᠢ ᠪᠢᠶᠤᠤ ᠨᠠᠷ ᠲᠡᠷᠭᠡ ᠲᠤᠰᠢᠶᠠᠬᠤ ᠶᠣᠰᠣᠯᠠᠯ ᠳᠤ ᠣᠷᠣᠯᠴᠠᠵᠠᠶ᠃    ᠲᠡᠷᠭᠡ ᠲᠤᠰᠢᠶᠠᠬᠤ ᠶᠣᠰᠣᠯᠠᠯ ᠤᠨ ᠡᠳᠦᠷ ᠴᠠᠰᠤ ᠤᠷᠤᠭᠰᠠᠨ ᠪᠣᠯᠪᠠᠴᠤ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠮᠠᠰᠢ ᠳᠤᠯᠠᠭᠠᠨ ᠪᠠᠶᠢᠯ᠎ᠠ᠃ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠨᠠᠷ ᠬᠠᠮᠲᠤ ᠪᠠᠷ ᠰᠢᠨ᠎ᠡ ᠲᠡᠷᠭᠡᠨ ᠳᠤ ᠲᠦᠯᠬᠢᠭᠦᠷ ᠲᠤᠰᠢᠶᠠᠬᠤ ᠶᠣᠰᠣᠯᠠᠯ ᠶᠠᠪᠤᠭᠤᠯᠵᠠᠶ᠃ ᠰᠢᠨ᠎ᠡ ᠪᠠᠷ ᠲᠤᠰᠢᠶᠠᠭᠰᠠᠨ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠬᠤᠲᠠ ᠶᠢᠨ ᠲᠣᠭᠤᠷᠢᠭ ᠤᠨ 20 ᠳ᠋ᠤᠭᠠᠷ ᠵᠠᠮ᠂ 21 ᠳ᠋ᠤᠭᠡᠷ ᠵᠠᠮ᠂ 22 ᠳ᠋ᠤᠭᠠᠷ ᠵᠠᠮ᠂ 23 ᠳ᠋ᠤᠭᠠᠷ ᠵᠠᠮ ᠢᠶᠠᠷ ᠠᠭᠠᠵᠢᠮ ᠢᠶᠠᠷ ᠳᠠᠪᠬᠢᠵᠤ ᠵᠢᠩᠬᠢᠨᠢ ᠪᠠᠷ ᠠᠰᠢᠭᠯᠠᠯᠳᠠ ᠳᠤ ᠤᠷᠤᠪᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠩ ᠴᠧᠩ ᠨᠡᠶᠢᠲᠡ ᠶᠢᠨ ᠮᠠᠰᠢᠨ ᠲᠡᠷᠭᠡᠨ ᠤ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ 21 ᠳ᠋ᠣᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠯᠢ ᠺᠤᠸᠠᠨ᠄ ︽ᠰᠢᠨ᠎ᠡ ᠵᠢᠯ ᠤᠨ ᠡᠬᠢᠨ ᠳᠤ᠂ ᠪᠢᠳᠡ ᠰᠢᠨ᠎ᠡ ᠮᠠᠰᠢᠨ ᠲᠡᠷᠭᠡ ᠪᠠᠨ ᠵᠢᠯᠣᠭᠤᠳᠤᠨ ᠳᠠᠪᠬᠢᠬᠤ ᠳᠤ ᠰᠡᠳᠬᠢᠯ ᠮᠠᠰᠢ ᠲᠡᠨᠢᠭᠦᠨ ᠪᠠᠶᠢᠨ᠎ᠠ᠃ ᠵᠢᠯᠣᠭᠤᠴᠢ ᠶᠢᠨ ᠲᠤᠷᠰᠢᠯᠭ᠎ᠠ ᠠᠴᠠ ᠠᠪᠴᠤ ᠬᠡᠯᠡᠪᠡᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠳᠡᠯᠭᠡᠬᠦ ᠬᠦᠴᠦᠨ ᠤ ᠴᠢᠳᠠᠮᠵᠢ ᠨᠢ ᠰᠠᠶᠢᠨ᠂ ᠲᠠᠭᠤ ᠨᠢ ᠳᠣᠤᠷ᠎ᠠ ᠪᠠᠶᠢᠵᠤ᠂ ᠠᠶᠠᠨᠴᠢᠳ ᠲᠤ ᠨᠠᠩ ᠨᠠᠮ ᠰᠡᠯᠡᠭᠦᠨ ᠲᠠᠭᠠᠯᠠᠮᠵᠢᠲᠠᠶ ᠲᠡᠷᠭᠡᠨ ᠳᠤ ᠰᠠᠭᠤᠬᠤ ᠣᠷᠴᠢᠨ ᠨᠥᠬᠦᠴᠡᠯ ᠢ ᠬᠠᠩᠭᠠᠵᠤ ᠥᠭᠭᠦᠭᠰᠡᠨ ᠪᠠᠶᠢᠨ᠎ᠠ᠃ ᠠᠶᠠᠯᠠᠬᠤ ᠶᠠᠪᠤᠴᠠ ᠳᠤ ᠨᠠᠩ ᠯᠠᠪᠳᠠᠭᠤᠨ ᠲᠣᠭᠲᠠᠭᠤᠨ ᠪᠠᠶᠢᠵᠤ᠂ ᠠᠮᠤᠷ ᠲᠦᠪᠰᠢᠨ ᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠨᠠᠩ ᠢᠯᠡᠭᠦᠤ ᠣᠷᠴᠢᠨ ᠲᠤᠭᠤᠷᠢᠨ ᠢ ᠬᠠᠮᠠᠭᠠᠯᠠᠵᠤ ᠡᠨᠧᠷᠭᠢ ᠠᠷᠪᠢᠯᠠᠬᠤ ᠳᠤ ᠠᠰᠢᠭᠲᠠᠶ᠃ ᠳᠤᠷᠠᠳᠤᠭᠤᠰᠢᠲᠠᠶ ᠨᠢ᠂ ᠰᠢᠨ᠎ᠡ ᠲᠡᠷᠭᠡᠨ ᠳᠤ ᠰᠠᠭᠤᠳᠠᠯ ᠤᠨ ᠬᠠᠯᠠᠭᠠᠯᠲᠠ ᠶᠢᠨ ᠴᠢᠳᠠᠮᠵᠢ ᠲᠠᠭᠠᠷᠠᠭᠤᠯᠵᠤ᠂ ᠬᠠᠬᠢᠷ ᠬᠦᠢᠳᠡᠨ ᠡᠪᠦᠯ ᠤᠨ ᠴᠠᠭ ᠲᠤ ᠴᠤ ᠣᠨᠴᠠᠭᠠᠶ ᠳᠤᠯᠠᠭᠠᠨ ᠪᠠᠶᠢᠳᠠᠭ︾ ᠭᠡᠵᠡᠶ᠃    ᠣᠶᠢᠯᠠᠭᠠᠭᠰᠠᠨ ᠢᠶᠠᠷ᠂ ᠲᠣᠰ ᠤᠳᠠᠭ᠎ᠠ ᠠᠰᠢᠭᠯᠠᠯᠲᠠ ᠳᠤ ᠣᠷᠣᠭᠤᠯᠬᠤ ᠪᠠᠷ ᠲᠤᠰᠢᠶᠠᠭᠰᠠᠨ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠪᠣᠯ ᠹᠦᠲ᠋ᠢᠶᠠᠨ ᠤ ᠡᠸᠤ ᠬᠤᠶ ᠴᠣᠯ ᠴᠠᠬᠢᠯᠭᠠᠨ ᠬᠥᠳᠡᠯᠭᠡᠭᠦᠷᠲᠦ ᠠᠶᠠᠨᠴᠢᠳ ᠤᠨ ᠮᠠᠰᠢᠨ ᠲᠡᠷᠭᠡ ᠪᠣᠯᠤᠨ᠎ᠠ᠂ ᠲᠡᠷᠭᠡᠨ ᠳᠣᠲᠣᠷᠠᠬᠢ ᠵᠠᠶ ᠨᠢ ᠠᠭᠤᠵᠢᠭᠤ᠂ ᠳᠣᠲᠣᠷ ᠴᠢᠮᠡᠭᠯᠡᠯ ᠤᠨ ᠵᠢᠷᠤᠭ ᠲᠥᠯᠥᠪᠯᠡᠭᠡ ᠨᠢ ᠴᠡᠪᠡᠷ ᠠᠪᠰᠠᠷᠬᠠᠨ᠂ ᠰᠠᠭᠤᠳᠠᠯ ᠨᠢ ᠲᠠᠭᠠᠯᠠᠮᠵᠢᠳᠠᠢ ᠵᠡᠷᠭᠡ ᠤᠨᠴᠠᠯᠢᠭ ᠲᠠᠢ᠃    ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠨᠢ ᠠᠷᠠᠳ ᠢᠷᠭᠡᠳ ᠤᠨ ᠶᠠᠪᠤᠵᠤ ᠰᠠᠭᠤᠬᠤ ᠳᠤ ᠦᠢᠯᠡᠴᠢᠯᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠭᠰᠠᠨ ᠤ ᠬᠤᠪᠢ ᠳᠤ᠂ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ ᠪᠠᠶᠢᠳᠠᠭ᠃ ᠲᠣᠰ ᠤᠳᠠᠭᠠᠨ ᠤ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ ᠠᠰᠢᠭᠯᠠᠯᠲᠠ ᠳᠤ ᠣᠷᠣᠭᠤᠯᠤᠭᠰᠠᠨ ᠨᠢ ᠨᠡᠶᠢᠲᠡ ᠶᠢᠨ ᠮᠠᠰᠢᠨ ᠲᠡᠷᠭᠡᠨ ᠤ ᠲᠡᠷᠭᠡᠨ ᠳᠤ ᠰᠠᠭᠤᠬᠤ ᠳᠤ ᠲᠠᠭᠠᠯᠠᠮᠵᠢᠲᠠᠶ ᠪᠠᠶᠢᠬᠤ ᠶᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠶᠠᠪᠤᠵᠤ ᠰᠠᠭᠤᠬᠤ ᠨᠠᠩ ᠥᠨᠳᠥᠷ ᠬᠡᠷᠡᠭᠴᠡᠭᠡ ᠶᠢ ᠬᠠᠩᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠭᠴᠢ ᠡᠨᠧᠷᠭᠢ ᠣᠯᠭᠤᠭᠰᠠᠨ ᠪᠠᠶᠢᠨ᠎ᠠ᠃     ︽ᠡᠨᠡ ᠲᠡᠷᠭᠡᠨ ᠳᠤ ᠰᠠᠭᠤᠬᠤ ᠳᠤ ᠮᠠᠰᠢ ᠲᠠᠭᠠᠯᠠᠮᠵᠢᠲᠠᠶ᠂ ᠪᠢ ᠡᠳᠦᠷ ᠪᠦᠷᠢ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠳᠤ ᠨᠡᠶᠢᠲᠡ ᠶᠢᠨ ᠮᠠᠰᠢᠨ ᠲᠡᠷᠭᠡᠨ ᠳᠤ ᠰᠠᠭᠤᠳᠠᠭ᠂ ᠰᠢᠨ᠎ᠡ ᠲᠡᠷᠭᠡᠨ ᠤ ᠣᠷᠴᠢᠨ ᠲᠣᠭᠤᠷᠢᠨ ᠨᠢ ᠰᠠᠶᠢᠨ ᠪᠥᠭᠡᠳ ᠰᠠᠭᠤᠬᠤ ᠳᠤ ᠳᠤᠯᠠᠭᠠᠨ ᠮᠥᠷᠲᠡᠭᠡᠨ ᠲᠠᠭᠠᠯᠠᠮᠵᠢᠲᠠᠶ ᠪᠠᠶᠢᠳᠠᠭ᠂ ᠰᠢᠨ᠎ᠡ ᠵᠢᠯ ᠰᠢᠨ᠎ᠡ ᠲᠡᠷᠭᠡᠨ ᠳᠤ ᠰᠠᠭᠤᠭᠠᠳ ᠰᠡᠳᠬᠢᠯ ᠰᠠᠨᠠᠭ᠎ᠠ ᠪᠠᠰᠠ ᠮᠠᠰᠢ ᠪᠠᠶᠠᠷᠳᠠᠢ ᠪᠠᠶᠢᠨ᠎ᠠ︾ ᠭᠡᠵᠦ ᠬᠤᠳᠠ ᠶᠢᠨ ᠠᠷᠠᠳ ᠸᠠᠩ ᠵᠠᠨ ᠸᠧᠨ  ᠰᠤᠷᠪᠤᠯᠵᠢᠯᠠᠭᠴᠢ ᠳᠤ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号