ᠡᠮᠦᠨᠡᠳᠤ ᠬᠤᠰᠢᠭᠤ ᠢᠳᠡᠭᠡᠨ ᠤᠮᠳᠠᠭᠠᠨ ᠤ ᠠᠮᠤᠷ ᠲᠦᠪᠰᠢᠨ ᠤ ᠵᠡᠭᠡᠯᠢ ᠶᠢ ᠡᠬᠦᠳᠴᠤ ᠬᠡᠷᠡᠭᠯᠡᠭᠴᠢᠳ ᠲᠤ ᠤᠬᠢ ᠰᠠᠶᠢᠨ ᠬᠤᠭᠤᠯᠠ ᠢᠳᠡᠬᠦ ᠤᠷᠴᠢᠨ ᠢ ᠡᠬᠦᠳᠤᠨ ᠦᠭᠴᠤ ᠪᠤᠢ
ᠨᠡᠶᠢᠲᠡᠯᠡᠭᠰᠡᠨ ᠴᠠᠭ᠄
2025/2/6
      ︽ᠡᠨᠡᠬᠦ ᠠᠮᠤᠷ ᠲᠦᠪᠰᠢᠨ ᠤ ᠬᠡᠷᠡᠭᠯᠡᠭᠡᠨ ᠤ ᠵᠡᠭᠡᠯᠢ ᠶᠢᠨ ᠬᠤᠭᠤᠯᠠᠨ ᠭᠡᠷ ᠳᠠᠬᠢ ᠲᠤᠭᠤᠭᠠᠨ ᠭᠡᠷ ᠤᠨ ᠠᠷᠢᠭᠤᠨ ᠴᠡᠪᠡᠷ ᠤᠨ ᠪᠠᠶᠢᠳᠠᠯ ᠢ ᠨᠢᠳᠤ ᠪᠠᠷ ᠢᠶᠠᠨ ᠦᠵᠡᠵᠤ ᠲᠡᠶᠢᠯᠬᠦ ᠤᠴᠢᠷ ᠠᠴᠠ ᠡ᠊ᠨᠳᠠ ᠬᠤᠭᠤᠯᠠ ᠢᠳᠡᠬᠦ ᠳᠤ ᠲᠦᠢᠯ ᠤᠨ ᠰᠡᠳᠬᠢᠯ ᠠᠮᠤᠷ᠃ ᠡᠬᠦᠨ ᠤ ᠬᠠᠮᠳᠤ ᠬᠤᠭᠤᠯᠠᠨ ᠭᠡᠷ ᠤᠨ ᠬᠠᠮᠢᠶᠠᠷᠤᠯᠳᠠ ᠲᠦᠷᠢᠮᠵᠢᠬᠦᠨ᠂ ᠤᠷᠴᠢᠨ ᠲᠤᠭᠤᠷᠢᠨ ᠨᠢ ᠰᠠᠶᠢᠨ᠂ ᠢᠳᠡᠭᠡᠨ ᠨᠢ ᠪᠠᠰᠠ ᠠᠮᠳᠠᠳᠠᠢ ᠠᠴᠠ ᠪᠢ ᠡ᠊ᠨᠳᠠ ᠢᠷᠡᠵᠤ ᠬᠤᠭᠤᠯᠠ ᠢᠳᠡᠬᠦ ᠲᠤᠷᠠᠳᠠᠢ᠂ ᠲᠤᠰ ᠬᠤᠭᠤᠯᠠᠨ ᠭᠡᠷ ᠢ ᠤᠶᠢᠷ᠎ᠠ ᠬᠠᠪᠢ ᠶᠢᠨ ᠨᠠᠶᠢᠵᠠ ᠨᠦᠬᠦᠳ ᠪᠠ ᠭᠡᠷ ᠤᠨ ᠬᠦᠮᠤᠰ ᠲᠡᠭᠡᠨ ᠲᠠᠨᠢᠯᠴᠠᠭᠤᠯᠵᠤ ᠦᠭᠬᠦᠨ᠎ᠠ︾ ᠭᠡᠵᠤ ᠴᠧᠨ ᠰᠥᠸᠧ ᠶᠠᠷᠢᠨ᠎ᠠ᠃ ᠲᠡᠬᠦᠨ ᠤ ᠬᠡᠯᠡᠵᠤ ᠪᠠᠶᠢᠭ᠎ᠠ ᠰᠠᠨᠠᠭ᠎ᠠ ᠠᠮᠤᠷ ᠬᠡᠷᠡᠭᠯᠡᠭᠡᠨ ᠤ ᠵᠡᠭᠡᠯᠢ ᠪᠤᠯ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠵᠠᠰᠠᠭᠳᠤ ᠪᠠᠷᠠᠭᠤᠨ ᠵᠡᠭᠡᠯᠢ ᠳᠤ ᠪᠠᠶᠢᠭ᠎ᠠ ᠢᠳᠡᠭᠡᠨ ᠤᠮᠳᠠᠭᠠᠨ ᠤ ᠠᠮᠤᠷ ᠲᠦᠪᠰᠢᠨ ᠤ ᠰᠠᠨᠠᠭ᠎ᠠ ᠠᠮᠤᠷ ᠬᠡᠷᠡᠭᠯᠡᠭᠡᠨ ᠤ ᠵᠡᠭᠡᠯᠢ ᠪᠤᠯᠤᠨ᠎ᠠ᠂ ᠡ᠊ᠨᠳᠠ ᠶᠡᠭᠡ ᠪᠠᠭ᠎ᠠ 7 ᠢᠳᠡᠭᠡᠨ ᠤᠮᠳᠠᠭᠠᠨ ᠤ ᠲᠡᠯᠭᠡᠬᠦᠷ ᠲᠠᠢ᠃ ᠨᠢᠳᠤᠨᠤᠨ ᠵᠢᠯ ᠤᠨ 12 ᠰᠠᠷ᠎ᠠ ᠠᠴᠠ ᠡᠬᠢᠯᠡᠨ᠂ ᠢᠳᠡᠭᠡᠨ ᠤᠮᠳᠠᠭᠠᠨ ᠤ ᠠᠮᠤᠷ ᠲᠦᠪᠰᠢᠨ ᠤ ᠰᠠᠨᠠᠭ᠎ᠠ ᠠᠮᠤᠷ ᠬᠡᠷᠡᠭᠯᠡᠭᠡᠨ ᠤ ᠵᠡᠭᠡᠯᠢ ᠨᠢ ᠦᠪᠠᠷᠳᠡᠭᠡᠨ ᠵᠠᠰᠠᠬᠤ ᠤᠷᠤᠨ ᠤ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠶᠢᠨ ᠰᠢᠯᠭᠠᠨ ᠬᠤᠷᠢᠶᠠᠯᠳᠠ ᠶᠢ ᠦᠩᠭᠡᠷᠡᠭᠡᠵᠤ᠂ ᠦᠪᠠᠷᠳᠡᠭᠡᠨ ᠵᠠᠰᠠᠬᠤ ᠤᠷᠤᠨ ᠤ ︽ᠢᠳᠡᠭᠡᠨ ᠤᠮᠳᠠᠭᠠᠨ ᠤ ᠠᠮᠤᠷ ᠲᠦᠪᠰᠢᠨ ᠤ ᠰᠠᠨᠠᠭ᠎ᠠ ᠠᠮᠤᠷ ᠬᠡᠷᠡᠭᠯᠡᠭᠡᠨ ᠤ ᠵᠡᠭᠡᠯᠢ︾ ᠪᠠᠷ ᠨᠡᠷᠡᠶᠢᠳᠥᠭᠳᠡᠵᠤ᠂ ᠲᠤᠰ ᠢᠷᠠᠭᠤ ᠠᠯᠳᠠᠷ ᠢ ᠤᠯᠤᠭᠰᠠᠨ ᠠᠴᠠ ᠨᠠᠭᠠᠰᠢ᠂ ᠦᠷᠭᠡᠨ ᠤᠯᠠᠨ ᠬᠡᠷᠡᠭᠯᠡᠭᠴᠢᠳ ᠤᠨ ᠬᠠᠯᠠᠭᠤᠨ ᠬᠦᠷᠢᠶᠡᠯᠡᠯ ᠢ ᠤᠯᠤᠯ᠎ᠠ᠃     ᠡᠨᠡᠬᠦ ᠵᠡᠭᠡᠯᠢ ᠶᠢᠨ ᠢᠳᠡᠭᠡᠨ ᠤᠮᠳᠠᠭᠠᠨ ᠤ ᠲᠡᠯᠭᠡᠬᠦᠷ ᠢᠶᠠᠷ ᠬᠦᠷᠪᠡᠯ᠂ ︽ᠢᠳᠡᠭᠡᠨ ᠤᠮᠳᠠᠭᠠᠨ ᠤ ᠠᠮᠤᠷ ᠲᠦᠪᠰᠢᠨ ᠤ ᠰᠠᠨᠠᠭ᠎ᠠ ᠠᠮᠤᠷ ᠬᠡᠷᠡᠭᠯᠡᠭᠡᠨ ᠤ ᠬᠤᠳᠠᠯᠳᠤᠭᠠᠴᠢᠨ ᠡᠷᠤᠬᠡ︾ ᠭᠡᠬᠦ ᠨᠡᠶᠢᠳᠠ ᠳᠤ ᠵᠠᠷᠯᠠᠬᠤ ᠫᠠᠶᠢᠰᠠ ᠡᠯᠭᠦᠵᠤ ᠪᠠᠶᠢᠬᠤ ᠶᠢᠨ ᠬᠠᠮᠳᠤ ᠡᠵᠡᠩᠨᠡᠯᠳᠠ ᠶᠢᠨ ᠦᠨᠡᠮᠯᠡᠯ᠂ ᠢᠳᠡᠭᠡᠨ ᠤᠮᠳᠠᠭᠠᠨ ᠢ ᠡᠵᠡᠩᠨᠡᠬᠦ ᠵᠦᠪᠰᠢᠶᠡᠷᠡᠯ ᠤᠨ ᠦᠨᠡᠮᠯᠡᠯ᠂ ᠢᠳᠡᠭᠡᠨ ᠤ ᠮᠠᠲ᠋ᠧᠷᠢᠶᠠᠯ ᠤᠨ ᠢᠷᠡᠯᠳᠠ ᠵᠡᠷᠭᠡ ᠤᠯᠠᠨ ᠲᠦᠷᠤᠯ ᠤᠨ ᠰᠤᠷᠠᠭ ᠵᠠᠩᠬᠢ ᠶᠢ ᠨᠡᠶᠢᠳᠡᠯᠡᠨ᠂ ᠬᠡᠷᠡᠭᠯᠡᠭᠴᠢᠳ ᠤᠨ ᠪᠠᠶᠢᠳᠠᠯ ᠢ ᠮᠡᠳᠡᠬᠦ ᠡᠷᠭᠡ ᠶᠢ ᠬᠦᠢᠴᠡᠳ ᠪᠠᠳᠤᠯᠠᠭᠰᠠᠨ ᠪᠠᠶᠢᠨ᠎ᠠ᠃ ᠡᠬᠦᠨ ᠠᠴᠠ ᠭᠠᠳᠠᠨ᠎ᠠ᠂ ︽ᠲᠤᠤᠷ ᠰᠦᠯᠵᠢᠶ᠎ᠠ + ᠲᠤᠭᠤᠭᠠᠨ ᠭᠡᠷ ᠢ ᠢᠯᠠ ᠪᠤᠯᠭᠠᠬᠤ︾ ᠬᠡᠯᠪᠡᠷᠢ ᠶᠢ ᠡᠬᠦᠳᠬᠦ᠂ ︽ᠵᠢᠷᠭᠤᠭᠠᠨ ᠬᠠᠮᠢᠶᠠᠷᠤᠯᠳᠠ ᠶᠢᠨ ᠲᠦᠷᠢᠮ︾ ᠢ ᠠᠬᠢᠭᠤᠯᠬᠤ ᠵᠡᠷᠭᠡ ᠪᠠᠷ ᠬᠡᠷᠡᠭᠯᠡᠭᠴᠢᠳ ᠲᠤ ᠨᠡᠩ ᠤᠯᠠᠨ ᠡᠷᠡᠬᠦᠯ ᠴᠢᠬᠢᠷᠠᠭ ᠠᠮᠤᠷ ᠲᠦᠪᠰᠢᠨ ᠤᠷᠴᠢᠨ ᠲᠤᠭᠤᠷᠢᠨ ᠢ ᠡᠬᠦᠳᠴᠤ ᠦᠭᠴᠠᠢ᠃ ᠲᠤᠰ ᠵᠡᠭᠡᠯᠢ ᠶᠢᠨ ᠬᠤᠳᠠᠯᠳᠤᠭᠠᠴᠢᠨ ᠡᠷᠤᠬᠡ ᠰᠢᠶᠧ ᠶᠦᠩ ᠯᠠᠨ᠄ ︽ᠪᠢᠳᠠ ᠢᠳᠡᠭᠡᠨ ᠤᠮᠳᠠᠭᠠᠨ ᠤ ᠠᠮᠤᠷ ᠲᠦᠪᠰᠢᠨ ᠤ ᠬᠡᠷᠡᠭᠯᠡᠭᠡᠨ ᠤ ᠵᠡᠭᠡᠯᠢ ᠶᠢ ᠪᠦᠳᠤᠭᠡᠨ ᠪᠠᠶᠢᠭᠤᠯᠤᠭᠰᠠᠨ ᠠᠴᠠ ᠨᠠᠭᠠᠰᠢ᠂ ᠬᠤᠭᠤᠯᠠᠨ ᠭᠡᠷ ᠤᠨ ᠬᠡᠷᠡᠭᠯᠡᠭᠴᠢ ᠮᠡᠳᠡᠭᠳᠡᠮ᠎ᠠ ᠨᠡᠮᠡᠭᠳᠡᠵᠤ᠂ ᠤᠯᠠᠨ ᠢᠶᠠᠷ ᠢᠶᠠᠨ ᠲᠤᠭᠤᠭᠠᠨ ᠭᠡᠷ ᠤᠨ ᠲᠦᠷᠢᠮᠵᠢᠬᠦᠨ ᠠᠵᠢᠯᠯᠠᠵᠤ ᠪᠠᠶᠢᠭ᠎ᠠ ᠶᠢ ᠦᠵᠡᠭᠡᠳ ᠢᠳᠡᠬᠦ ᠳᠤ ᠨᠡᠩ ᠰᠡᠳᠬᠢᠯ ᠠᠮᠤᠷ ᠪᠤᠯᠤᠯ᠎ᠠ ︾ ᠭᠡᠪᠡ᠃     ᠡᠮᠤᠨᠡᠳᠤ ᠬᠤᠰᠢᠭᠤᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠬᠡᠷᠡᠭᠯᠡᠭᠡᠨ ᠤ ᠵᠡᠭᠡᠯᠢ ᠪᠤᠯ ᠠᠷᠠᠳ ᠤᠨ ᠠᠮᠢᠳᠤᠷᠠᠯ ᠢ ᠪᠠᠳᠤᠯᠠᠬᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠠᠯ ᠢ ᠰᠢᠯᠢᠳᠡᠭᠵᠢᠬᠦᠯᠬᠦ ᠶᠢᠨ ᠪᠤᠳᠠᠳᠤ ᠦᠢᠯᠡᠳᠤᠯᠭᠡ ᠪᠠᠶᠢᠵᠤ᠂ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠠ ᠪᠠ ᠢᠳᠡᠭᠡᠯ ᠢ ᠨᠢ ᠨᠡᠮᠡᠭᠳᠡᠬᠦᠯᠤᠨ᠂ ᠢᠳᠡᠭᠡᠨ ᠤᠮᠳᠠᠭᠠᠨ ᠤ ᠵᠠᠬ᠎ᠠ ᠲᠡᠯᠭᠡᠬᠦᠷ ᠤᠨ ᠢᠳᠡᠪᠬᠢ ᠬᠦᠴᠤᠨ ᠢ ᠤᠷᠮᠠᠰᠢᠭᠤᠯᠵᠠᠢ᠃            ︵ᠮᠠ ᠨᠠ ᠮᠠᠨᠳᠤᠯ᠎ᠠ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号