ᠡᠮᠦᠨᠡᠲᠦ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠴᠠᠭᠠᠨ ᠰᠠᠷ᠎ᠠ ᠶᠢᠨ ᠬᠤᠭᠤᠴᠠᠭᠠᠨ ᠤ ᠬᠢᠯᠢ ᠶᠢᠨ ᠣᠷᠣᠨ ᠤ ᠠᠮᠤᠷ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2025/2/6
       ᠣᠶᠢᠷ᠎ᠠ ᠶᠢᠨ ᠡᠳᠦᠷ ᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠪᠥᠬᠦ ᠺᠠᠳ᠋ᠷ ᠴᠠᠭᠳᠠᠭ᠎ᠠ ᠪᠠᠨ ᠵᠣᠬᠢᠶᠠᠨ ᠪᠠᠶᠢᠭᠤᠯᠤᠨ ︽ᠴᠣᠬᠢᠯᠲᠠ ᠥᠭᠬᠦ᠂ ᠰᠡᠷᠭᠡᠶᠢᠯᠡᠬᠦ᠂ ᠬᠠᠮᠢᠶᠠᠷᠬᠤ᠂ ᠡᠵᠡᠮᠳᠡᠬᠦ᠂ ᠤᠬᠠᠭᠤᠯᠬᠤ︾ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠬᠡᠮ ᠰᠣᠭᠤᠭ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠪᠦᠯ ᠤᠨ ᠤᠯᠠᠷᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠤᠯᠠᠮ ᠨᠢᠭᠡ ᠠᠯᠬᠤᠮ ᠴᠢᠩᠭᠠᠳᠬᠠᠨ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠪᠠ᠃      ᠳᠤᠰ ᠶᠡᠭᠡ ᠠᠩᠬᠢ ᠡᠪᠦᠯ ᠤᠨ ᠤᠯᠠᠷᠢᠯ ᠤᠨ ᠠᠮᠤᠷ ᠢ ᠬᠠᠮᠠᠭᠠᠯᠠᠬᠤ ᠪᠠᠶᠢᠳᠠᠯ ᠤᠨ ᠣᠨᠴᠠᠯᠢᠭ ᠲᠠᠢ ᠤᠶᠠᠯᠳᠤᠭᠤᠯᠤᠨ᠂ ᠬᠢᠯᠢ ᠶᠢᠨ ᠭᠤᠤᠯᠳᠠᠯᠭ᠎ᠠ ᠲᠠᠢ ᠣᠷᠣᠨ ᠪᠦᠰᠡ᠂ ᠬᠢᠯᠢ ᠶᠢᠨ ᠨᠡᠪᠲᠡᠷᠡᠬᠦ ᠵᠠᠮ ᠵᠡᠷᠭᠡ ᠭᠠᠵᠠᠷ ᠢ ᠲᠣᠭᠤᠷᠢᠨ ᠪᠠᠶᠢᠴᠠᠭᠠᠵᠤ᠂ ᠲᠡᠷᠭᠡ ᠪᠠᠷ ᠲᠣᠭᠤᠷᠢᠨ ᠪᠠᠶᠢᠴᠠᠭᠠᠬᠤ᠂ ᠶᠠᠪᠠᠭᠠᠨ ᠢᠶᠠᠷ ᠴᠠᠭᠳᠠᠬᠤ᠂ ᠵᠢᠯᠣᠭᠤᠴᠢ ᠥᠬᠡᠶ ᠨᠢᠰᠭᠡᠯ ᠢᠶᠠᠷ ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠬᠢᠯᠢ ᠶᠢᠨ ᠬᠠᠮᠠᠭᠠᠯᠠᠯᠲᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠨ ᠬᠢᠯᠢ ᠶᠢᠨ ᠬᠠᠮᠠᠭᠠᠯᠠᠯᠲᠠ ᠶᠢᠨ ᠠᠮᠤᠷ ᠲᠦᠪᠰᠢᠨ ᠤ ᠲᠣᠤᠷ ᠢ ᠨᠢᠭᠲᠠ ᠰᠦᠯᠵᠢᠪᠡ᠃ ᠶᠡᠭᠡ ᠠᠩᠭᠢ ᠠᠴᠠ ᠬᠠᠷᠢᠶ᠎ᠠ ᠣᠷᠣᠨ ᠤ ᠠᠶᠤᠯ ᠲᠦᠭᠰᠢᠭᠦᠷᠢ ᠶᠢᠨ ᠳᠠᠯᠳᠠ ᠬᠡᠮ ᠪᠣᠯᠤᠨ ᠨᠠᠷᠢᠨ ᠪᠤᠳᠤᠯᠢᠶᠠᠨᠲᠠᠶ ᠠᠮᠤᠷ ᠢ ᠬᠠᠮᠠᠭᠠᠯᠠᠬᠤ ᠠᠰᠠᠭᠤᠳᠠᠯ ᠢ ᠴᠢᠩᠭ᠎ᠠ ᠠᠩᠬᠠᠷᠴᠤ᠂ ︽ᠭᠡᠨᠡᠳᠲᠡ ᠶᠢᠨ ᠮᠠᠶ᠋ᠢᠭ︾ ᠤᠨ ᠪᠠᠶᠢᠴᠠᠭᠠᠯᠲᠠ ᠬᠢᠬᠦ ᠵᠡᠷᠭᠡ ᠠᠷᠭ᠎ᠠ ᠬᠡᠯᠪᠡᠷᠢ ᠶᠢ ᠠᠪᠴᠤ᠂ ᠵᠣᠴᠢᠳ ᠤᠨ ᠪᠠᠭᠤᠳᠠᠯ᠂ ᠴᠢᠯᠦᠭᠡᠳᠦ ᠳᠡᠯᠭᠡᠭᠦᠷ᠂ ᠬᠤᠭᠤᠯᠠᠨ ᠭᠡᠷ ᠵᠡᠷᠭᠡ ᠠᠵᠢᠯ ᠲᠥᠷᠥᠯ ᠤᠨ ᠲᠠᠯᠠᠪᠤᠷ ᠭᠠᠵᠠᠷ ᠢ ᠪᠠᠶᠢᠴᠠᠭᠠᠵᠤ᠂ ᠲᠦᠷᠢᠶᠡᠰᠦᠨ ᠭᠡᠷ᠂ ᠴᠢᠴᠢᠬᠦᠷ ᠪᠥᠮᠪᠦᠭᠡ ᠶᠢᠨ ᠲᠢᠩᠬᠢᠮ᠂ KTV ᠵᠡᠷᠭᠡ ᠠᠵᠢᠯ ᠲᠥᠷᠥᠯ ᠤᠨ ᠲᠠᠯᠠᠪᠤᠷ ᠭᠠᠵᠠᠷ ᠢ ᠬᠠᠤᠯᠢ ᠶᠣᠰᠣᠭᠠᠷ ᠵᠢᠷᠤᠮᠵᠢᠭᠤᠯᠤᠨ ᠡᠵᠡᠩᠨᠡᠵᠦ ᠪᠠᠶᠢᠬᠤ ᠡᠰᠡᠬᠦ᠂ ᠱᠠᠯᠢᠭ ᠵᠠᠪᠬᠠᠶ ᠵᠣᠭᠤᠰ ᠮᠦᠷᠦᠶᠢᠴᠡᠬᠦ ᠬᠤᠤᠷᠲᠤ ᠡᠳ᠋ ᠫᠠᠨᠽᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠣᠷᠣᠰᠢᠵᠤ ᠪᠠᠶᠢᠬᠤ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠨᠢ ᠪᠦᠷᠢᠨ ᠪᠦᠲᠦᠨ᠂ ᠪᠦᠲᠦᠮᠵᠢᠲᠡᠶ ᠪᠠᠶᠢᠬᠤ ᠡᠰᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠣᠷᠣᠨ ᠵᠠᠶ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠬᠦᠴᠦᠲᠡᠶ ᠬᠠᠮᠠᠭᠠᠯᠠᠪᠠ᠃     ᠰᠠᠨ ᠴᠠ ᠬᠢᠯᠢ ᠶᠢᠨ ᠪᠠᠶᠢᠴᠠᠭᠠᠬᠤ ᠥᠷᠲᠡᠭᠡ ᠪᠠ ᠲᠦᠷ ᠴᠠᠭ ᠤᠨ ᠬᠤᠷᠢᠭ᠎ᠠ ᠴᠡᠭ ᠲᠤ᠂ ᠬᠢᠯᠢ ᠪᠠᠷ ᠣᠷᠣᠵᠤ ᠭᠠᠷᠬᠤ ᠬᠠᠷᠢᠶ᠎ᠠ ᠣᠷᠣᠨ ᠤ ︽ᠬᠥᠮᠦᠨ ᠪᠠ ᠲᠡᠷᠭᠡ ᠬᠥᠰᠭᠡ︾ ᠶᠢ ᠬᠢᠨᠠᠨ ᠪᠠᠶᠢᠴᠠᠭᠠᠬᠤ ᠶᠢᠨ ᠬᠠᠮᠲᠤ ᠪᠠᠰᠠ ᠣᠯᠠᠨ ᠲᠦᠮᠡᠨ ᠳᠤ ᠬᠢᠯᠢ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠡᠯ᠎ᠡ ᠬᠢᠯᠢ ᠶᠢᠨ ᠲᠣᠮᠢᠯᠠᠭᠰᠠᠨ ᠰᠠᠯᠪᠤᠷᠢ ᠭᠤᠤᠯᠯᠠᠨ ᠰᠡᠷᠭᠡᠶᠢᠯᠡᠬᠦ ᠦᠢᠯᠡᠳᠦᠯ ᠢᠶᠠᠨ ᠪᠠᠳᠠᠷᠠᠭᠤᠯᠵᠤ᠂ ᠬᠠᠷᠢᠶ᠎ᠠ ᠣᠷᠣᠨ ᠤ ᠠᠳᠠᠯᠢ ᠪᠤᠰᠤ ᠬᠥᠮᠦᠰ ᠲᠤ ᠴᠢᠭᠯᠡᠭᠦᠯᠦᠨ᠂ ᠣᠯᠠᠨ ᠬᠡᠯᠪᠡᠷᠢ ᠪᠠᠷ ᠤᠬᠠᠭᠤᠯᠭ᠎ᠠ ᠬᠥᠮᠦᠵᠢᠯ ᠤᠨ ᠠᠷᠭ᠎ᠠ ᠮᠠᠶ᠋ᠢᠭ ᠢ ᠠᠪᠴᠤ᠂ ᠲᠣᠭᠤᠷᠢᠨ ᠪᠠᠶᠢᠴᠠᠭᠠᠬᠤ᠂ ᠡᠷᠦᠬᠡ ᠳᠤ ᠬᠦᠷᠴᠦ ᠰᠤᠷᠪᠤᠯᠵᠢᠯᠠᠬᠤ ᠬᠤᠭᠤᠴᠠᠭᠠᠨ ᠳᠤ ᠣᠯᠠᠨ ᠲᠦᠮᠡᠨ ᠳᠤ ᠮᠡᠬᠡᠯᠡᠯ ᠢ ᠡᠰᠡᠷᠭᠦᠴᠡᠬᠦ᠂ ᠵᠣᠭᠤᠰ ᠨᠠᠭᠠᠳᠬᠤ ᠶᠢ ᠡᠰᠡᠷᠭᠦᠴᠡᠬᠦ᠂ ᠭᠠᠯ ᠤᠨ ᠠᠶᠤᠯ ᠢ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠦᠨᠡᠨᠬᠦ ᠴᠢᠩᠭᠠᠳᠬᠠᠵᠤ ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠪᠠ᠃          ︵ᠴᠢᠩ ᠰᠦᠡᠭ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号