| ᠠᠮᠢᠳᠤᠷᠠᠯ ᠲᠤᠮᠳᠠ ᠠᠳᠠᠯ ᠠᠬᠤᠢ ᠶᠢᠨ ᠰᠦᠢᠳᠭᠡᠯ ᠳᠤᠰᠢᠶᠠᠬᠤ ᠦᠭᠡᠢ ᠪᠠᠷ ᠡᠷᠬᠡ ᠠᠰᠢᠭ ᠢᠶᠠᠨ | ᠬᠠᠮᠠᠭᠠᠯᠠᠬᠤ ᠪᠠᠷ ᠤᠷᠤᠯᠳᠤᠳᠠᠭ ᠦᠵᠡᠭᠳᠡᠯ ᠴᠦᠬᠡᠨ ᠪᠤᠰᠤ ᠬᠠᠷᠠᠬᠳᠠᠨ᠎ᠠ᠃ | ᠵᠠᠷᠢᠮ ᠥᠮᠴᠢᠲᠡᠨ ᠠᠴᠠ᠂ ᠠᠳᠠᠯ ᠠᠬᠤᠢ ᠶᠢᠨ ᠦᠢᠯᠡᠴᠢᠯᠡᠭᠡ ᠨᠢ ᠰᠠᠨᠠᠭᠠᠨ ᠳᠤ ᠬᠦᠷᠬᠦ ᠦᠭᠡᠢ ᠪᠤᠶᠤ | ᠪᠠᠷᠢᠮᠵᠢᠶ᠎ᠠ ᠳᠤ ᠬᠦᠷᠬᠦ ᠦᠭᠡᠢ᠂ ᠡᠰᠡᠬᠦᠯ᠎ᠡ ᠠᠳᠠᠯ ᠠᠬᠤᠢ ᠶᠢᠨ ᠺᠣᠮᠫᠠᠨᠢ ᠨᠢ ᠬᠠᠷᠢᠭᠤᠴᠠᠯᠭ᠎ᠠ ᠪᠠᠨ ᠠᠯᠳᠠᠭᠰᠠᠨ᠂ | ᠡᠷᠬᠡ ᠳᠤ ᠬᠠᠯᠳᠠᠭᠰᠠᠨ ᠠᠵᠢᠯᠯᠠᠭ᠎ᠠ ᠲᠠᠢ ᠭᠡᠮᠡᠨ ᠦᠵᠡᠵᠦ᠂ ᠠᠳᠠᠯ ᠠᠬᠤᠢ ᠶᠢᠨ ᠰᠦᠢᠳᠬᠡᠯ ᠲᠤᠰᠢᠶᠠᠬᠤ | ᠦᠭᠡᠢ ᠪᠠᠷ ︽ᠡᠰᠡᠷᠭᠦᠴᠡᠯ︾ ᠲᠠᠯᠪᠢᠵᠤ᠂ ᠬᠠᠨᠤᠮᠵᠢ ᠦᠭᠡᠢ ᠪᠠᠶᠢᠬᠤ ᠪᠠᠨ ᠢᠯᠡᠳᠬᠡᠳᠡᠭ᠃ ᠥᠮᠴᠢᠲᠡᠨ ᠠᠴᠠ | ᠭᠡᠷ᠎ᠡ ᠳᠤ ᠳᠤᠬᠳᠠᠭᠠᠬᠰᠠᠨ ᠠᠳᠠᠯ ᠠᠬᠤᠢ ᠶᠢᠨ ᠰᠦᠢᠳᠬᠡᠯ ᠲᠤᠰᠢᠶᠠᠬᠤ ᠪᠣᠯ ᠭᠡᠷ᠎ᠡ ᠶᠢᠨ ᠡᠭᠦᠷᠭᠡ ᠮᠥᠨ᠂ ᠪᠠᠰᠠ | ᠴᠤ ᠬᠠᠤᠯᠢ ᠴᠠᠭᠠᠵᠠ ᠶᠢᠨ ᠡᠭᠦᠷᠭᠡ ᠮᠥᠨ᠃ ᠠᠳᠠᠯ ᠠᠬᠤᠢ ᠶᠢᠨ ᠺᠣᠮᠫᠠᠨᠢ ᠨᠢ ᠭᠡᠷ᠎ᠡ ᠶᠣᠰᠣᠭᠠᠷ ᠦᠢᠯᠡᠴᠢᠯᠡᠭᠡ | ᠬᠠᠩᠭᠠᠵᠤ᠂ ᠥᠮᠴᠢᠲᠡᠨ ᠨᠢ ᠭᠡᠷ᠎ᠡ ᠶᠣᠰᠣᠭᠠᠷ ᠠᠳᠠᠯ ᠠᠬᠤᠢ ᠶᠢᠨ ᠰᠦᠢᠳᠬᠡᠯ ᠲᠤᠰᠢᠶᠠᠬᠤ ᠨᠢ ᠵᠦᠢ ᠶᠤᠰᠤᠨ ᠤ | ᠤᠴᠢᠷ᠃ ᠭᠠᠭᠴᠠ ᠬᠦ ᠠᠳᠠᠯ ᠠᠬᠤᠢ ᠶᠢᠨ ᠺᠣᠮᠫᠠᠨᠢ ᠨᠢ ᠦᠢᠯᠡᠴᠢᠯᠡᠭᠡᠨ ᠤ ᠬᠠᠷᠢᠭᠤᠴᠠᠯᠭ᠎ᠠ ᠪᠠᠨ ᠭᠦᠢᠴᠡᠳᠬᠡᠬᠦ | ᠦᠭᠡᠢ ᠪᠤᠶᠤ ᠦᠢᠯᠡᠴᠢᠯᠡᠭᠡᠨ ᠤ ᠬᠠᠷᠢᠭᠤᠴᠠᠯᠭ᠎ᠠ ᠪᠠᠨ ᠭᠦᠢᠴᠡᠳᠬᠡᠬᠦ ᠨᠢ ᠪᠦᠬᠦᠯᠢ ᠴᠣᠭᠴᠠ ᠳᠡᠭᠡᠷ᠎ᠡ ᠪᠠᠨ | ᠪᠣᠳᠠᠲᠠᠶᠢᠵᠢᠭᠤᠯᠤᠭᠰᠠᠨ ᠦᠭᠡᠢ᠂ ᠭᠡᠷ᠎ᠡ ᠳᠤ ᠲᠣᠭᠲᠠᠭᠰᠠᠨ ᠶᠠᠰᠤ ᠴᠢᠨᠠᠷ ᠤᠨ ᠱᠠᠭᠠᠷᠳᠠᠯᠭ᠎ᠠ ᠳᠤ ᠨᠡᠶᠢᠴᠡᠬᠦ | ᠦᠭᠡᠢ ᠠᠴᠠ ᠪᠣᠯᠵᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠬᠠᠷᠠᠯᠳᠠ ᠵᠣᠷᠢᠯᠳᠠ ᠶᠢ ᠪᠡᠶᠡᠯᠡᠭᠦᠯᠵᠦ | ᠳᠡᠶᠢᠯᠬᠦ ᠦᠭᠡᠢ ᠪᠣᠯᠤᠭᠰᠠᠨ ᠪᠠᠶᠢᠪᠠᠯ ᠥᠮᠴᠢᠲᠡᠨ ᠰᠠᠶ᠋ᠢ ᠬᠠᠤᠯᠢ ᠶᠣᠰᠣᠭᠠᠷ ᠠᠳᠠᠯ ᠠᠬᠤᠢ ᠶᠢᠨ ᠦᠢᠯᠡᠴᠢᠯᠡᠭᠡᠨ ᠤ | ᠭᠡᠷ᠎ᠡ ᠶᠢ ᠬᠦᠴᠦᠨ ᠦᠭᠡᠢ ᠪᠣᠯᠭᠠᠬᠤ ᠶᠢᠨ ᠬᠠᠮᠳᠦ᠂ ᠠᠳᠠᠯ ᠠᠬᠤᠢ ᠶᠢᠨ ᠰᠦᠢᠳᠬᠡᠯ ᠲᠤᠰᠢᠶᠠᠬᠤ ᠶᠢ ᠲᠡᠪᠴᠢᠬᠦ | ᠡᠷᠬᠡ ᠲᠠᠢ᠃ ᠬᠡᠷᠪᠡ ᠠᠳᠠᠯ ᠠᠬᠤᠢ ᠶᠢᠨ ᠦᠢᠯᠡᠴᠢᠯᠡᠭᠡ ᠨᠢ ᠪᠦᠬᠦᠯᠢ ᠴᠣᠭᠴᠠ ᠳᠡᠭᠡᠷ᠎ᠡ ᠪᠠᠨ ᠪᠣᠳᠠᠲᠠᠶᠢᠵᠢᠵᠤ᠂ | ᠪᠥᠬᠦ ᠲᠠᠯ᠎ᠠ ᠶᠢᠨ ᠴᠢᠨᠠᠷᠲᠠᠢ ᠠᠰᠠᠭᠤᠳᠠᠯ ᠣᠷᠣᠰᠢᠬᠤ ᠦᠭᠡᠢ᠂ ᠵᠥᠪᠬᠡᠨ ᠣᠨᠴᠠ ᠵᠠᠷᠢᠮ ᠭᠤᠭᠴᠤᠭ᠎ᠠ ᠳᠤ ᠵᠠᠷᠢᠮ | ᠵᠢᠵᠢᠭ ᠰᠠᠵᠢᠭ ᠠᠰᠠᠭᠤᠳᠠᠯ ᠣᠷᠣᠰᠢᠵᠤ ᠪᠠᠶᠢᠪᠠᠯ ᠥᠮᠴᠢᠲᠡᠨ ᠨᠢ ᠬᠤᠶᠠᠷ ᠲᠠᠯ᠎ᠠ ᠶᠢᠨ ᠪᠣᠯᠵᠣᠨ ᠲᠣᠭᠲᠠᠭᠰᠠᠨ | ᠶᠣᠰᠣᠭᠠᠷ ᠠᠳᠠᠯ ᠠᠬᠤᠢ ᠶᠢᠨ ᠰᠦᠢᠳᠬᠡᠯ ᠢᠶᠠᠨ ᠲᠤᠰᠢᠶᠠᠬᠤ ᠶᠢᠨ ᠬᠠᠮᠳᠦ᠂ ᠤᠨᠴᠠ ᠵᠠᠷᠢᠮ ᠠᠰᠠᠭᠤᠳᠠᠯ ᠳᠤ | ᠴᠢᠭᠯᠡᠬᠦᠯᠦᠨ ᠠᠳᠠᠯ ᠠᠬᠤᠢ ᠶᠢᠨ ᠺᠤᠮᠫᠠᠨᠢ ᠲᠠᠢ ᠵᠦᠪᠳᠡᠯᠴᠡᠬᠦ ᠪᠤᠶᠤ ᠬᠠᠤᠯᠢ ᠶᠤᠰᠤᠭᠠᠷ ᠡᠷᠬᠡ ᠪᠠᠨ ᠬᠠᠮᠠᠭᠠᠯᠠᠵᠦ | ᠪᠤᠯᠤᠨ᠎ᠠ᠂ ᠭᠡᠪᠡᠴᠦ ᠰᠦᠢᠳᠬᠡᠯ ᠢ ᠥᠷᠢᠲᠦᠬᠦ᠂ ᠰᠦᠢᠳᠬᠡᠯ ᠢ ᠬᠤᠶᠢᠰᠢᠯᠠᠭᠤᠯᠬᠤ ᠵᠡᠷᠭᠡ ᠬᠡᠯᠪᠡᠷᠢ ᠪᠠᠷ ᠤᠴᠢᠷ | ᠶᠠᠪᠤᠳᠠᠯ ᠢ ᠰᠶᠢᠳᠪᠦᠷᠢᠯᠡᠬᠦ ᠨᠢ ᠵᠤᠬᠢᠰ ᠦᠭᠡᠢ ᠪᠠᠶᠢᠵᠦ ᠮᠡᠳᠡᠨ᠎ᠡ᠃ | ᠠᠳᠠᠯ ᠠᠬᠤᠢ ᠶᠢᠨ ᠺᠣᠮᠫᠠᠨᠢ ᠨᠢ ᠥᠮᠴᠢᠲᠡᠨ ᠤ ᠬᠠᠮᠲᠤ ᠪᠠᠷ ᠥᠮᠴᠢᠯᠡᠬᠦ ᠣᠷᠣᠨ ᠵᠠᠢ ᠠᠴᠠ ᠡᠬᠦᠰᠦᠭᠰᠡᠨ | ᠠᠰᠢᠭ ᠣᠯᠵᠠᠪᠤᠷᠢ ᠶᠢ ᠡᠵᠡᠯᠡᠨ ᠬᠡᠷᠡᠭᠯᠡᠭᠰᠡᠨ ᠵᠡᠷᠭᠡ ᠠᠳᠠᠯ ᠠᠬᠤᠢ ᠶᠢᠨ ᠦᠢᠯᠡᠴᠢᠯᠡᠭᠡᠨ ᠤ ᠠᠰᠠᠭᠤᠳᠠᠯ ᠨᠢ | ᠡᠷᠬᠡ ᠳᠤ ᠬᠠᠯᠳᠠᠭᠰᠠᠨ ᠠᠵᠢᠯᠯᠠᠭ᠎ᠠ ᠳᠤ ᠲᠣᠭᠠᠴᠠᠭᠳᠠᠨ᠎ᠠ᠂ ᠥᠮᠴᠢᠲᠡᠨ ᠨᠢ ᠡᠷᠬᠡ ᠪᠠᠨ ᠬᠠᠮᠠᠭᠠᠯᠠᠬᠤ ᠶᠠᠪᠤᠴᠠ ᠳᠤ | ᠲᠡᠭᠦᠨ ᠢ ᠵᠦᠪᠬᠡᠨ ᠠᠳᠠᠯ ᠠᠬᠤᠢ ᠶᠢᠨ ᠰᠦᠢᠳᠬᠡᠯ ᠲᠠᠢ ᠬᠤᠯᠪᠣᠬᠤ ᠨᠢ ᠭᠦᠢᠴᠡᠳ ᠪᠤᠰᠤ ᠪᠤᠶᠤ ᠬᠠᠤᠯᠢ ᠶᠤᠰᠤᠨ ᠤ | ᠬᠦᠴᠦᠨ ᠦᠭᠡᠢ ᠪᠠᠶᠢᠵᠦ ᠮᠡᠳᠡᠨ᠎ᠡ᠂ ᠬᠠᠷᠢᠨ ᠠᠳᠠᠯ ᠠᠬᠤᠢ ᠶᠢᠨ ᠦᠢᠯᠡᠴᠢᠯᠡᠭᠡᠨ ᠤ ᠡᠷᠬᠡ ᠳᠤ ᠬᠠᠯᠳᠠᠭᠰᠠᠨ ᠬᠠᠮᠢᠶ᠎ᠠ | ᠪᠦᠬᠦᠢ ᠠᠵᠢᠯᠯᠠᠭ᠎ᠠ ᠶᠢᠨ ᠰᠢᠨᠵᠢ ᠴᠢᠨᠠᠷ ᠢ ᠲᠣᠳᠣᠷᠬᠠᠢ ᠲᠠᠨᠢᠵᠤ᠂ ᠵᠥᠪᠳᠡᠯᠴᠡᠬᠦ᠂ ᠢᠯᠡᠴᠢᠯᠡᠨ ᠮᠡᠳᠡᠭᠦᠯᠬᠦ᠂ | ᠵᠠᠭᠠᠯᠳᠤᠬᠤ᠂ ᠬᠥᠨᠳᠡᠯᠡᠨ ᠠᠴᠠ ᠲᠠᠰᠤᠯᠤᠭᠤᠯᠬᠤ ᠵᠡᠷᠭᠡ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠳᠠᠮᠵᠢᠨ | ᠡᠷᠬᠡ ᠪᠠᠨ ᠬᠠᠮᠠᠭᠠᠯᠠᠬᠤ ᠨᠢ ᠨᠡᠩ ᠴᠢᠬᠤᠯᠠ᠃ ᠭᠡᠷ᠎ᠡ ᠠᠴᠠ ᠵᠥᠷᠢᠴᠡᠭᠰᠡᠨ ᠠᠵᠢᠯᠯᠠᠭ᠎ᠠ ᠪᠠ ᠡᠷᠬᠡ ᠳᠤ ᠬᠠᠯᠳᠠᠭᠰᠠᠨ | ᠠᠵᠢᠯᠯᠠᠭ᠎ᠠ ᠶᠢᠨ ᠮᠦᠨ ᠴᠢᠨᠠᠷ ᠢ ᠳᠤᠳᠤᠷᠬᠠᠢ ᠤᠶᠢᠯᠠᠭᠠᠵᠦ᠂ ᠡᠷᠬᠡ ᠪᠠ ᠬᠠᠷᠢᠭᠤᠴᠠᠯᠭ᠎ᠠ ᠶᠢ ᠨᠠᠷᠢᠨ ᠰᠠᠯᠭᠠᠵᠦ᠂ | ᠲᠣᠰ ᠲᠣᠰ ᠲᠤᠨᠢ ᠰᠶᠢᠳᠪᠦᠷᠢᠯᠡᠪᠡᠯ ᠰᠠᠶ᠋ᠢ ᠡᠷᠬᠡ ᠠᠰᠢᠭ ᠢᠶᠠᠨ ᠬᠠᠤᠯᠢ ᠶᠤᠰᠤᠭᠠᠷ ᠬᠠᠮᠠᠭᠠᠯᠠᠵᠦ ᠴᠢᠳᠠᠬᠤ | ᠮᠥᠷᠲᠡᠭᠡᠨ ᠭᠡᠷ᠎ᠡ ᠠᠴᠠ ᠵᠥᠷᠢᠴᠡᠭᠰᠡᠨ ᠠᠵᠢᠯᠯᠠᠭ᠎ᠠ ᠶᠢ ᠰᠶᠢᠳᠪᠦᠷᠢᠯᠡᠬᠦ ᠠᠷᠭ᠎ᠠ ᠪᠠᠷ ᠡᠷᠬᠡ ᠳᠤ ᠬᠠᠯᠳᠠᠭᠰᠠᠨ | ᠠᠵᠢᠯᠯᠠᠭ᠎ᠠ ᠶᠢ ᠰᠶᠢᠳᠪᠦᠷᠢᠯᠡᠬᠦ ᠪᠠᠶᠢᠳᠠᠯ ᠭᠠᠷᠬᠤ ᠠᠴᠠ ᠵᠠᠶᠢᠯᠠᠰᠬᠢᠵᠤ ᠴᠢᠳᠠᠨ᠎ᠠ᠃ | ︵︽ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠶᠢᠨ ᠰᠦᠯᠵᠢᠶ᠎ᠠ︾ ᠠᠴᠠ ᠰᠢᠯᠵᠢᠬᠦᠯᠪᠡ︶ |